ᠪᠢᠴᠢᠭᠡᠴᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/23
     ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠷᠠᠭᠤᠯᠤᠨ᠂ ᠵᠢᠯ ᠤᠨ ᠡᠴᠦᠰ ᠲᠤ ᠮᠠᠨ ᠤ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠃ 11 ᠰᠠᠷ᠎ᠠ ᠶᠢᠨ 22  ᠤᠨ ᠦᠳᠡ ᠶᠢᠨ ᠡᠮᠦᠨ᠎ᠡ᠂ ᠪᠢᠴᠢᠭᠡᠴᠢ ᠪᠠᠯᠭᠠᠰᠤ  ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠭᠦᠸᠧ ᠴᠢᠤᠸᠠᠨ ᠴᠢᠤᠸᠠᠨ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠦᠬᠦ ᠪᠠᠯᠭᠠᠰᠤᠨ ᠤ ᠺᠠᠳ᠋ᠷ ᠵᠢᠴᠢ ᠡᠯ᠎ᠡ ᠲᠣᠰᠬᠤᠨ ᠤ ᠱᠦᠵᠢ ᠬᠤᠷᠠᠯ ᠳᠤ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ᠱᠠᠨ ᠰᠢ ᠮᠤᠵᠢ ᠶᠢᠨ ᠯᠢᠦᠢ ᠯᠢᠶᠠᠩ ᠬᠤᠳᠠ ᠶᠢᠨ ᠯᠢᠦᠢ ᠱᠢ ᠲᠣᠭᠤᠷᠢᠭ ᠤᠨ ᠶᠦᠩ ᠵᠢᠦᠢ ᠨᠡᠭᠦᠷᠡᠰᠦᠨ ᠤ ᠦᠢᠯᠡᠰ ᠤᠨ ᠠᠯᠪᠠᠨ ᠠᠰᠠᠷ ᠤᠨ︽11.16︾  ᠤ ᠬᠦᠨᠳᠦ ᠶᠡᠭᠡ ᠭᠠᠯ ᠠᠯᠳᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠢᠮ᠎ᠡ ᠶᠣᠰᠣᠨ ᠤ ᠣᠨᠴᠠᠯᠢᠭ ᠪᠣᠯᠣᠨ ᠪᠠᠯᠭᠠᠰᠤᠨ ᠤ ᠪᠣᠳᠠᠲᠤ ᠪᠠᠶᠢᠳᠠᠯ ᠤᠨ ᠲᠣᠭᠤᠷᠢᠨ ᠳᠤ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠪᠠᠶᠢᠷᠢᠯᠠᠭᠤᠯᠵᠠᠢ᠃     ᠬᠤᠷᠠᠯ ᠠᠴᠠ᠂ ᠨᠢᠭᠡ ᠳᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠬᠤ ᠬᠡᠷᠡᠭᠲᠡᠢ᠃ ᠱᠠᠨ ᠰᠢ ᠶᠢᠨ ᠶᠦᠩ ᠵᠢᠦᠢ ᠨᠡᠭᠦᠷᠡᠰᠦᠨ ᠤ ᠦᠢᠯᠡᠰ ᠤᠨ ᠠᠯᠪᠠᠯᠠᠬᠤ ᠠᠰᠠᠷ ᠤᠨ︽11.16︾  ᠤ ᠬᠦᠨᠳᠦ ᠶᠡᠭᠡ ᠭᠠᠯ ᠠᠯᠳᠠᠭᠰᠠᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠤᠬᠠᠮᠰᠠᠷ ᠠᠴᠠ ᠪᠠᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠦᠢᠯᠡᠳᠪᠦᠷᠢᠯᠡᠯ ᠤᠨ ᠡᠯ᠎ᠡ ᠭᠤᠭᠴᠤᠭ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠭᠡᠮ ᠰᠣᠭᠤᠭ ᠢ ᠠᠳᠡᠯ ᠢᠶᠠᠷ ᠦᠵᠡᠵᠦ᠂ ᠠᠳᠡᠯ ᠢᠶᠠᠷ ᠰᠤᠷᠭᠠᠮᠵᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠤᠶᠠᠷ ᠲᠤ ᠪᠦᠬᠦ ᠲᠠᠯ᠎ᠠ ᠪᠠᠷ ᠠᠶᠤᠯ ᠲᠦᠭᠰᠢᠭᠦᠷᠢ ᠶᠢ ᠪᠠᠶᠢᠴᠠᠭᠠᠵᠤ ᠠᠶᠤᠯ ᠢ ᠠᠷᠢᠯᠭᠠᠬᠤ ᠬᠡᠷᠡᠭᠲᠡᠢ᠃ ᠡᠪᠦᠯ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠩᠭᠤ ᠶᠢᠨ ᠴᠢᠨᠠᠷᠲᠠᠢ ᠭᠡᠮ ᠰᠣᠭᠤᠭ ᠤᠨ ᠪᠠᠶᠢᠴᠠᠭᠠᠯᠲᠠ ᠶᠢ ᠥᠷᠨᠢᠭᠦᠯᠵᠦ᠂ ᠭᠠᠯ ᠤᠨᠲᠠᠷᠠᠭᠠᠬᠤ ᠳᠤ ᠬᠡᠷᠡᠭᠯᠡᠬᠦ ᠭᠠᠯ᠂ ᠴᠠᠬᠢᠯᠭᠠᠨ᠂ ᠬᠡᠢ ᠬᠡᠷᠡᠭᠯᠡᠬᠦ ᠠᠮᠤᠷ ᠲᠦᠪᠰᠢᠨ ᠢ ᠴᠢᠩᠭ᠎ᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠪᠤᠷᠢ ᠶᠢᠨ ᠲᠦᠪᠰᠢᠨ ᠪᠣᠯᠣᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠤᠭᠤᠰᠤᠨ ᠲᠠᠩᠰᠠ ᠦᠯᠡᠳᠡᠭᠡᠬᠦ ᠦᠭᠡᠢ᠂ ᠬᠢᠨᠠᠯᠲᠠ ᠬᠠᠮᠢᠶᠠᠷᠤᠯᠲᠠ ᠳᠤ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠦᠬᠦ ᠪᠠᠯᠭᠠᠰᠤᠨ ᠤ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃  
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号