ᠪᠢᠴᠢᠭᠡᠴᠢ ᠪᠠᠯᠭᠠᠰᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠤᠭᠲᠤᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/23
     2023 ᠣᠨ ᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠭᠰᠠᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠶᠢᠨ ᠲᠥᠯᠥᠭᠡ᠂ ᠬᠤᠲᠠ᠂ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 11 ᠰᠠᠷ᠎ᠠ ᠶᠢᠨ 22  ᠤᠨ ᠡᠳᠦᠷ᠂ ᠪᠢᠴᠢᠭᠡᠴᠢ ᠪᠠᠯᠭᠠᠰᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠤᠭᠲᠤᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠭᠦᠸᠧ ᠴᠢᠤᠸᠠᠨ ᠴᠢᠤᠸᠠᠨ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠦᠬᠦ ᠪᠠᠯᠭᠠᠰᠤᠨ ᠤ ᠺᠠᠳ᠋ᠷ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠥᠨᠳᠥᠷ ᠪᠠᠷᠢᠮᠵᠢᠶ᠎ᠠ ᠪᠠᠷ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠤᠭᠲᠤᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠠᠵᠢᠯ ᠢ ᠰᠠᠶᠢᠲᠤᠷ ᠬᠢᠵᠦ᠂ ᠪᠠᠯᠭᠠᠰᠤ᠂ ᠲᠣᠰᠬᠤᠨ ᠬᠤᠶᠠᠷ ᠱᠠᠲᠤᠨ ᠤ ᠲᠠᠩᠰᠠ ᠡᠪᠬᠡᠮᠡᠯ ᠤᠨ ᠮᠠᠲᠧᠷᠢᠶᠠᠯ ᠳᠤ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠵᠦ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠨᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠠᠩᠰᠠ ᠡᠪᠬᠡᠮᠡᠯ ᠤᠨ ᠬᠠᠮᠢᠶᠠᠷᠤᠯᠲᠠ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ᠂ ᠳᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠡᠷᠭᠡᠶᠢᠯᠡᠬᠦ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠪᠠᠬᠢᠵᠢᠭᠦᠯᠬᠦ ᠵᠡᠷᠭᠡ ᠠᠵᠢᠯ ᠳᠤ ᠴᠢᠭᠯᠡᠭᠦᠯᠦᠨ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠡᠯ᠎ᠡ ᠲᠣᠰᠬᠤᠨ ᠳᠤ ᠬᠠᠷᠢᠭᠤ ᠲᠤᠰᠬᠠᠬᠤ ᠶᠢᠨ ᠬᠠᠮᠲᠤ ᠡᠯ᠎ᠡ ᠲᠣᠰᠬᠤᠨ ᠤ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠢ᠃ 
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号