ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ᠂ ᠴᠠᠭᠠᠨ ᠰᠦᠮ᠎ᠡ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/11/24
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ 2023 ᠣᠨ ᠤ 11 ᠰᠠᠷ᠎ᠠ ᠶᠢᠨ 23 ᠤ ᠡᠳᠦᠷ᠂ ᠴᠠᠭᠠᠨ ᠰᠦᠮ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠪᠠ ᠴᠠᠭᠠᠨ ᠰᠦᠮ᠎ᠡ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠠᠤᠯᠢ ᠶᠣᠰᠣᠭᠠᠷ ᠨᠥᠬᠦᠨ ᠰᠣᠩᠭᠤᠵᠤ᠂ ᠨᠥᠬᠦᠨ ᠰᠣᠩᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠨᠥᠬᠦᠵᠦ ᠰᠣᠩᠭᠤᠬᠤ ᠠᠵᠢᠯ ᠤᠨ ᠬᠠᠤᠯᠢ ᠲᠣᠭᠲᠠᠭᠠᠯ ᠶᠣᠰᠣᠭᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠠᠮ ᠤᠨ ᠬᠤᠷᠢᠶ᠎ᠠ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠭᠤᠣᠯᠯᠠᠨ ᠡᠷᠬᠢᠯᠡᠬᠦ᠂ ᠰᠣᠩᠭᠤᠭᠤᠯᠢ ᠶᠢᠨ ᠲᠣᠭᠤᠷᠢᠭ ᠬᠡᠷᠡᠭᠵᠢᠭᠦᠯᠬᠦ᠂ ᠡᠯ᠎ᠡ ᠲᠠᠯ᠎ᠠ ᠶᠢᠨ ᠬᠢᠨ ᠬᠠᠮᠵᠢᠯᠴᠠᠬᠤ︾ ᠠᠵᠢᠯ ᠤᠨ ᠲᠣᠭᠲᠠᠴᠠ ᠶᠣᠰᠣᠭᠠᠷ᠂ ᠰᠣᠩᠭᠤᠭᠤᠯᠢ ᠶᠢᠨ ᠠᠵᠢᠯ ᠤᠨ ᠲᠥᠰᠥᠯ ᠢ ᠲᠣᠭᠲᠠᠭᠠᠵᠤ᠂ ᠨᠥᠬᠦᠵᠦ ᠰᠣᠩᠭᠤᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠣᠩᠭᠤᠭᠤᠯᠢ ᠶᠢᠨ ᠶᠠᠪᠤᠴᠠ ᠪᠠ ᠡᠯ᠎ᠡ ᠵᠠᠩᠭᠢᠯᠠᠭ᠎ᠠ ᠶᠢᠨ ᠴᠡᠭ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠳᠣᠷᠬᠠᠶᠢᠯᠠᠵᠤ᠂ ᠨᠥᠬᠦᠵᠦ ᠰᠣᠩᠭᠤᠬᠤ ᠠᠵᠢᠯ ᠢ ᠴᠠᠭ ᠬᠤᠭᠤᠴᠠᠭ᠎ᠠ ᠪᠠ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠴᠢᠩᠭ᠎ᠠ ᠥᠷᠨᠢᠭᠦᠯᠬᠦ ᠶᠢ ᠦᠨᠡᠨ ᠬᠦ ᠪᠠᠲᠤᠯᠠᠨ᠎ᠠ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠰᠣᠩᠭᠤᠭᠤᠯᠢ ᠶᠢᠨ ᠲᠣᠭᠤᠷᠢᠭ ᠤᠨ ᠶᠣᠰᠣᠭᠠᠷ ᠰᠣᠩᠭᠤᠭᠤᠯᠢ ᠶᠢᠨ ᠠᠵᠢᠯ ᠢ ᠵᠢᠯᠤᠭᠤᠳᠬᠤ ᠳᠤᠭᠤᠶᠢᠯᠠᠩ ᠪᠠᠶᠢᠭᠤᠯᠵᠤ᠂ ᠡᠯ᠎ᠡ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠰᠣᠩᠭᠤᠭᠤᠯᠢ ᠶᠢᠨ ᠠᠷᠠᠳ ᠤᠨ ᠨᠡᠷᠡᠰ ᠤᠨ ᠵᠢᠭᠰᠠᠭᠠᠯᠲᠠ ᠶᠢ ᠨᠠᠭᠠᠬᠤ᠂ ᠨᠥᠬᠦᠵᠦ ᠰᠣᠩᠭᠤᠬᠤ ᠠᠯᠪᠠᠨ ᠵᠠᠷ ᠵᠢᠴᠢ ᠵᠢᠱᠢᠭᠳᠡᠭᠰᠡᠳ ᠤᠨ ᠦᠨᠳᠦᠰᠦᠨ ᠪᠠᠶᠢᠳᠠᠯ ᠢ ᠰᠠᠶᠢᠲᠤᠷ ᠵᠢᠭᠠᠨ ᠵᠢᠯᠤᠭᠤᠳᠴᠤ᠂ ᠨᠥᠬᠦᠵᠦ ᠰᠣᠩᠭᠤᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠳᠠᠶᠢᠴᠢᠯᠠᠯᠲᠠ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠬᠥᠨᠳᠡᠯᠡᠨ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ᠂ ᠠᠯᠪᠠᠨ ᠵᠠᠷ ᠨᠡᠶᠢᠲᠡᠯᠡᠬᠦ ᠵᠢᠴᠢ ᠸᠢᠴᠠᠲ ᠤᠨ ᠪᠦᠯᠦᠭᠯᠡᠯ ᠢ ᠳᠠᠮᠵᠢᠭᠤᠯᠤᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠰᠣᠩᠭᠤᠭᠤᠯᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠣᠩᠭᠤᠭᠤᠯᠢ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃     ᠨᠥᠬᠦᠨ ᠰᠣᠩᠭᠤᠬᠤ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠬᠤᠶᠠᠳᠤᠭᠠᠷ ᠰᠣᠩᠭᠤᠭᠤᠯᠢ ᠶᠢᠨ ᠲᠣᠭᠤᠷᠢᠭ ᠪᠠ ᠠᠷᠪᠠᠳᠤᠭᠠᠷ ᠰᠣᠩᠭᠤᠭᠤᠯᠢ ᠶᠢᠨ ᠲᠣᠭᠤᠷᠢᠭ ᠲᠤ ᠶᠠᠪᠤᠭᠳᠠᠵᠤ᠂ ᠨᠡᠶᠢᠲᠡ 5412 ᠰᠣᠩᠭᠤᠭᠤᠯᠢ ᠶᠢᠨ ᠠᠷᠠᠳ ᠬᠠᠤᠯᠢ ᠶᠣᠰᠣᠭᠠᠷ ᠪᠢᠯᠧᠲ ᠥᠭᠴᠦ᠂ ᠪᠢᠯᠧᠲ ᠥᠭᠬᠦ ᠲᠤᠬᠠᠢ ᠶᠢᠨ ᠲᠠᠯᠠᠪᠤᠷ ᠢ ᠪᠠᠯᠭᠠᠰᠤ ᠲᠣᠰᠬᠤᠨ ᠬᠤᠶᠠᠷ ᠱᠠᠲᠤᠨ ᠤ ᠬᠥᠮᠥᠰ ᠬᠠᠷᠢᠭᠤᠴᠠᠨ ᠬᠢᠨᠠᠨ ᠵᠢᠯᠤᠭᠤᠳᠴᠤ᠂ ᠰᠣᠩᠭᠤᠭᠤᠯᠢ ᠶᠢᠨ ᠠᠵᠢᠯ ᠤᠨ ᠢᠯᠡ ᠲᠣᠳᠣ ᠪᠠᠶᠢᠬᠤ ᠶᠢ ᠪᠠᠲᠤᠯᠠᠨ᠎ᠠ᠃ ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠤᠨ ᠬᠤᠶᠠᠷ ᠰᠣᠩᠭᠤᠭᠤᠯᠢ ᠶᠢᠨ ᠲᠣᠭᠤᠷᠢᠭ ᠤᠨ ᠲᠠᠷᠬᠠᠭᠠᠭᠰᠠᠨ ᠰᠣᠩᠭᠤᠭᠤᠯᠢ ᠶᠢᠨ ᠪᠢᠯᠧᠲ ᠨᠢ ᠲᠣᠰ ᠲᠣᠰ 3488᠂ 1924 ᠪᠠᠶᠢᠵᠤ᠂ 3476᠂ 1919 ᠪᠠᠶᠢᠵᠤ᠂ ᠰᠣᠩᠭᠤᠭᠤᠯᠢ ᠶᠢᠨ ᠦᠷ᠎ᠡ ᠳ᠋ᠦᠩ ᠨᠢ ᠬᠦᠴᠦᠨ ᠲᠠᠢ ᠪᠣᠯᠣᠨ᠎ᠠ᠃ ᠲᠤᠭ᠂ ᠪᠠᠢ ᠬᠤᠩ ᠷᠦ᠋ ᠬᠤᠶᠠᠷ ᠵᠢᠱᠢᠭᠳᠡᠭᠴᠢ ᠴᠥᠮ ᠲᠦᠮᠡᠳ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠪᠠ᠃     ᠨᠥᠬᠦᠨ ᠰᠣᠩᠭᠤᠬᠤ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠲᠤᠰ ᠲᠤᠰ ᠯᠢᠦ ᠵᠢᠶᠠ ᠶᠢᠩ ᠤᠨ ᠰᠣᠩᠭᠤᠭᠤᠯᠢ ᠶᠢᠨ ᠲᠣᠭᠤᠷᠢᠭ᠂ ᠪᠠᠢ ᠫᠢ ᠶᠢᠩ ᠤᠨ ᠰᠣᠩᠭᠤᠭᠤᠯᠢ ᠶᠢᠨ ᠲᠣᠭᠤᠷᠢᠭ ᠪᠠ ᠲᠤᠰ ᠲᠠᠩ ᠤᠨ ᠰᠣᠩᠭᠤᠭᠤᠯᠢ ᠶᠢᠨ ᠲᠣᠭᠤᠷᠢᠭ ᠲᠤ ᠶᠠᠪᠤᠭᠳᠠᠭᠤᠯᠵᠤ᠂ ᠭᠤᠷᠪᠠᠨ ᠨᠥᠬᠦᠨ ᠰᠣᠩᠭᠤᠬᠤ ᠰᠣᠩᠭᠤᠭᠤᠯᠢ ᠶᠢᠨ ᠲᠣᠭᠤᠷᠢᠭ ᠠᠴᠠ ᠲᠤᠰ ᠲᠤᠰ 700᠂ 886᠂ 480 ᠰᠣᠩᠭᠤᠭᠤᠯᠢ ᠶᠢᠨ ᠪᠢᠯᠧᠲ ᠲᠠᠷᠬᠠᠭᠠᠵᠤ᠂ 700᠂ 886᠂ 476 ᠰᠣᠩᠭᠤᠭᠤᠯᠢ ᠶᠢᠨ ᠪᠢᠯᠧᠲ ᠢ ᠬᠤᠷᠢᠶᠠᠨ ᠠᠪᠴᠤ᠂ ᠰᠣᠩᠭᠤᠭᠤᠯᠢ ᠶᠢᠨ ᠦᠷ᠎ᠡ ᠳ᠋ᠦᠩ ᠬᠦᠴᠦᠨ ᠲᠠᠢ ᠪᠣᠯᠪᠠ᠃ ᠰᠦ ᠵᠠᠨ ᠵᠢᠶᠦ᠋ᠨ᠂  ᠵᠦ᠋ ᠬᠤᠩ ᠭᠧ᠂ ᠶᠦᠨ ᠵᠠᠨ ᠹᠧᠩ ᠵᠡᠷᠭᠡ ᠭᠤᠷᠪᠠᠨ ᠵᠢᠱᠢᠭᠳᠡᠭᠴᠢ ᠴᠥᠮ ᠴᠠᠭᠠᠨ ᠰᠦᠮ᠎ᠡ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠵᠠᠢ᠃     ᠰᠢᠨ᠎ᠡ ᠪᠠᠷ ᠰᠣᠩᠭᠤᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠰᠣᠩᠭᠤᠭᠤᠯᠢ ᠶᠢᠨ ᠠᠷᠠᠳ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳᠦᠭᠡᠷ ᠳᠣᠬᠢᠶ᠎ᠠ ᠪᠣᠯᠭᠠᠵᠤ᠂ ᠤᠯᠠᠨ ᠲᠦᠮᠡᠨ ᠤ ᠠᠰᠢᠭ ᠲᠤᠰᠠ ᠶᠢ ᠨᠢᠭᠡᠳᠦᠭᠡᠷ ᠰᠣᠩᠭᠤᠯᠲᠠ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠭᠡᠷ ᠪᠣᠳᠣᠯᠬᠢᠯᠠᠯ ᠪᠣᠯᠭᠠᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠶᠢ ᠨᠢᠭᠡᠳᠦᠭᠡᠷ ᠪᠠᠷᠢᠮᠵᠢᠶ᠎ᠠ ᠪᠣᠯᠭᠠᠵᠤ᠂ ᠰᠠᠶᠢᠨ ᠬᠥᠮᠥᠨ ᠤ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠴᠠᠭᠠᠨ ᠰᠦᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号