ᠬᠤᠰᠢᠭᠤᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠬᠤᠰᠢᠭᠤᠨ ᠤᠯᠤᠰ ᠤᠨ ᠬᠥᠳᠡᠯᠭᠡᠬᠦ ᠬᠦᠴᠦᠨ ᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/24
     11 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠵᠠᠰᠠᠭ ᠤᠨ ᠣᠷᠳᠣᠨ ᠤ 2023 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠂ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ ᠡᠷᠭᠢᠯᠡᠪᠡ᠃ ᠬᠤᠷᠠᠯ   ᠠᠴᠠ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠯᠡᠵᠦ᠂ 2024 ᠣᠨ ᠤ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠥᠯᠥᠪᠵᠢᠭᠦᠯᠬᠦ ᠪᠠ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠢ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠪᠦᠷᠢᠯᠳᠦᠭᠦᠨ ᠨᠢᠭᠡᠴᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠨ ᠡᠵᠡᠮᠰᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ 2023 ᠣᠨ ᠤ ᠲᠡᠭᠦᠰᠬᠡᠯ ᠤᠨ ᠡᠭᠦᠷᠭᠡ ᠪᠣᠯᠣᠨ 2024 ᠣᠨ ᠤ ᠡᠬᠢᠯᠡᠯᠲᠡ ᠶᠢᠨ ᠠᠵᠢᠯ ᠢ ᠴᠢᠩᠭ᠎ᠠ ᠠᠩᠬᠠᠷᠴᠤ᠂ ᠡᠯ᠎ᠡ ᠬᠤᠰᠢᠭᠤᠨ ᠤ ᠲᠠᠰ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠶᠢ ᠵᠦᠢᠯ ᠳᠠᠷᠠᠭᠠᠯᠠᠨ ᠪᠦᠲᠦᠮᠵᠢᠲᠡᠶ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠳᠠᠷᠠᠭ᠎ᠠ ᠵᠢᠯ ᠤᠨ ᠲᠥᠷᠥᠯ ᠵᠦᠢᠯ ᠢ ᠨᠠᠷᠢᠨ ᠨᠢᠮᠪᠠᠢ ᠪᠠᠶᠢᠷᠢᠯᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠰᠢᠯᠭᠠᠨ ᠪᠠᠶᠢᠴᠠᠭᠠᠵᠤ ᠦᠨᠡᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃     ᠬᠤᠰᠢᠭᠤᠨ ᠤ ᠤᠳᠤᠷᠢᠳᠤᠯᠭ᠎ᠠ ᠭᠦᠸᠧ ᠵᠢᠶᠦ᠋ᠨ ᠯᠦᠩ᠂ ᠯᠢ ᠷᠦᠢ ᠪᠢᠶᠣᠣ᠂ ᠸᠠᠩ ᠵᠢᠶᠠ ᠪᠥᠸᠧ᠂ ᠯᠢ ᠫᠧᠩ᠂ ᠳ᠋ᠦ᠋ ᠸᠧᠢ᠂ ᠮᠧᠩ ᠵᠢᠶᠦ᠋ᠨ ᠴᠢᠤᠸᠠᠨ᠂ ᠭᠡᠷᠲᠦ᠂ ᠬᠠᠳᠠᠭ ᠬᠤᠷᠠᠯ ᠳᠤ ᠣᠷᠣᠯᠴᠠᠵᠠᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号