ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/24
     ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ ᠳᠤᠷᠠᠲᠠᠢ᠂ ᠨᠣᠮ ᠤᠩᠰᠢᠬᠤ ᠳᠠᠭᠠᠨ ᠴᠢᠳᠠᠮᠠᠭᠠᠢ︾ ᠪᠥᠬᠦ ᠠᠷᠠᠳ ᠤᠨ ᠤᠩᠰᠢᠯᠭ᠎ᠠ ᠶᠢᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ︾ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠤᠰᠢᠭᠤᠨ ᠤ ᠰᠣᠶᠣᠯ ᠤᠨ ᠨᠣᠮ ᠤᠨ ᠰᠠᠩ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ᠥᠷᠲᠡᠭᠡ ᠳᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠬᠤᠷᠠᠯ ᠡᠷᠭᠢᠯᠡᠪᠡ᠃     ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠭᠦᠸᠧ ᠯᠢ ᠶᠢᠩ ︽ᠰᠢ ᠶᠢᠨ ᠫᠢᠩ ᠤᠨ ᠰᠡᠬᠡᠭᠡᠲᠡᠨ  ᠪᠤᠯᠤᠭᠰᠠᠨ ᠲᠤᠯᠤᠭᠠᠨ ᠵᠢᠯ︾  ᠢ ᠤᠩᠰᠢᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠣᠮ ᠪᠢᠴᠢᠭ ᠤᠨ ᠦᠨᠦᠷ ᠠᠮᠲᠠ ᠶᠢ ︽ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ︾ ᠲᠠᠢ ᠪᠣᠯᠭᠠᠵᠤ᠂ ᠨᠣᠮ ᠤᠩᠰᠢᠬᠤ ᠪᠠᠷ ᠭᠡᠰᠢᠭᠦᠳ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠵᠦ᠂ ᠰᠣᠯᠢᠯᠴᠠᠭ᠎ᠠ ᠪᠠᠷ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃     ᠬᠤᠷᠠᠯ ᠠᠴᠠ ᠱᠠᠭᠠᠷᠳᠠᠭᠰᠠᠨ ᠨᠢ᠂ ︽ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ ᠢ ᠪᠣᠶ ᠪᠣᠯᠭᠠᠬᠤ᠂ ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠪᠣᠶ ᠪᠣᠯᠭᠠᠬᠤ᠂ ᠪᠢᠴᠢᠭ ᠤᠨ ᠰᠤᠷᠪᠤᠯᠵᠢᠲᠤ ᠰᠣᠶᠣᠯ ᠢ ᠪᠣᠶ ᠪᠣᠯᠭᠠᠬᠤ︾ ᠪᠠᠷ ᠬᠠᠷᠠᠯᠲᠠ ᠪᠣᠯᠭᠠᠵᠤ᠂ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠬᠤ᠂ ᠠᠵᠢᠯᠯᠠᠭᠠᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ︽ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ︾ ᠤ ᠠᠵᠢᠯᠯᠠᠭ᠎ᠠ ᠶᠢ ᠤᠯᠠᠮ ᠭᠤᠶᠢᠳᠠ ᠰᠠᠶᠢᠬᠠᠨ ᠪᠣᠯᠭᠠᠵᠤ᠂ ᠨᠠᠩ ᠣᠯᠠᠨ ᠭᠡᠰᠢᠭᠦᠨ ᠪᠠ ᠡᠲᠡᠭᠡᠳ ᠤᠨ ᠢᠯᠭᠠᠯ ᠤᠨ ᠣᠯᠠᠨ ᠲᠦᠮᠡᠨ ᠢ ᠳᠠᠶᠢᠴᠢᠯᠠᠨ ᠨᠣᠮ ᠤᠩᠰᠢᠬᠤ ᠠᠵᠢᠯᠯᠠᠭ᠎ᠠ ᠳᠤ ᠣᠷᠣᠯᠴᠠᠭᠤᠯᠵᠤ᠂ ︽ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ︾ ᠢ ︽ᠪᠢᠴᠢᠭ ᠤᠨ ᠰᠤᠷᠪᠤᠯᠵᠢᠲᠤ ᠨᠡᠶᠢᠭᠡᠮ︾ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠴᠢᠬᠤᠯᠠ ᠬᠦᠴᠦᠨ ᠪᠣᠯᠭᠠᠬᠤ ᠬᠡᠷᠡᠭᠲᠡᠢ᠃     ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠠᠳ ᠲᠡᠷᠢᠭᠦᠯᠡᠭᠴᠢ ᠴᠦᠢ ᠶᠠᠨ ᠵᠢᠶᠦ᠋ᠨ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠤᠯᠤᠰ ᠲᠥᠷᠥ ᠶᠢᠨ ᠵᠥᠪᠯᠡᠯᠭᠡᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号