ᠸᠧᠢ ᠬᠤᠩ ᠵᠢᠶᠦ᠋ᠨ ᠲᠦᠮᠡᠳ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠭᠤᠣᠯ ᠰᠡᠳᠦᠪᠲᠦ ᠬᠦᠮᠦᠵᠢᠯ ᠬᠢᠪᠡ
ᠨᠡᠶᠢᠲᠡᠯᠡᠭᠰᠡᠨ ᠴᠠᠭ᠄
2023/11/27
     11 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠢ ᠬᠤᠩ ᠵᠢᠶᠦ᠋ᠨ ᠲᠦᠮᠡᠳ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠭᠤᠣᠯ ᠰᠡᠳᠦᠪᠲᠦ ᠬᠦᠮᠦᠵᠢᠯ  ᠢ ᠵᠢᠯᠤᠭᠤᠳᠪᠠ᠃     ᠶᠠᠷᠢᠯᠴᠠᠬᠤ ᠬᠤᠷᠠᠯ ᠳᠡᠭᠡᠷ᠎ᠡ᠂ ᠸᠧᠢ ᠬᠤᠩ ᠵᠢᠶᠦ᠋ᠨ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠲᠦᠮᠡᠳ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠢᠭᠰᠡᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠡᠮᠨᠡᠯᠭᠡ ᠶᠢᠨ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠳᠦᠰᠦᠨ ᠠᠭᠤᠯᠤᠭᠳᠠᠬᠤᠨ ᠢ ᠪᠥᠬᠦ ᠲᠠᠯ᠎ᠠ ᠪᠠᠷ ᠣᠶᠢᠯᠠᠭᠠᠬᠤ ᠪᠠᠷ ᠪᠠᠷᠠᠬᠤ ᠦᠭᠡᠢ᠂ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠡᠵᠡᠮᠰᠢᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠰᠢᠵᠦ᠂ ᠣᠯᠠᠨ ᠲᠦᠮᠡᠨ᠂ ᠡᠪᠡᠳᠴᠢᠲᠡᠨ ᠲᠠᠢ ᠨᠡᠪᠲᠡᠷᠡᠯᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠵᠤ᠂ ᠰᠢᠯᠲᠠᠭᠠᠨ ᠢ ᠨᠢ ᠨᠡᠪᠲᠡ ᠵᠠᠳᠠᠯᠵᠤ᠂ ᠭᠡᠮ ᠰᠣᠭᠤᠭ ᠢ ᠨᠢ ᠡᠷᠢᠨ ᠭᠠᠷᠭᠠᠵᠤ᠂ ᠴᠢᠭᠯᠡᠭᠦᠯᠬᠦ ᠴᠢᠨᠠᠷᠲᠠᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ ᠬᠠᠮᠲᠤᠷᠠᠨ ᠠᠵᠢᠯᠯᠠᠵᠤ ᠨᠡᠭᠡᠭᠡᠯᠲᠡᠲᠡᠢ ᠪᠠᠷ ᠡᠮᠨᠡᠯᠭᠡ ᠡᠷᠭᠢᠯᠡᠬᠦ ᠶᠢ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮᠴᠢ ᠰᠤᠪᠢᠯᠠᠭᠴᠢᠳ ᠢ ᠬᠠᠯᠠᠮᠵᠢᠯᠠᠨ ᠬᠠᠶᠢᠷᠠᠯᠠᠬᠤ ᠶᠢ ᠪᠡᠶᠡᠯᠡᠭᠦᠯᠬᠦ ᠬᠡᠷᠡᠭᠲᠡᠢ᠃ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ᠂ ᠬᠠᠤᠯᠢ ᠰᠠᠬᠢᠯᠭ᠎ᠠ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠴᠢᠩᠭᠠᠳᠬᠠᠵᠤ᠂ ᠡᠮᠨᠡᠯᠭᠡ ᠶᠢᠨ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠰᠠᠬᠢᠯᠭ᠎ᠠ ᠬᠠᠤᠯᠢ ᠲᠣᠭᠲᠠᠭᠠᠯ ᠢ ᠪᠠᠲᠤ ᠴᠡᠭᠡᠵᠢᠯᠡᠭᠦᠯᠵᠦ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠵᠢᠷᠤᠮᠵᠢᠯ ᠢ ᠵᠢᠷᠤᠮᠯᠠᠭᠤᠯᠬᠤ ᠬᠡᠷᠡᠭᠲᠡᠢ᠃ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠡᠮᠨᠡᠯᠭᠡ ᠶᠢᠨ ᠬᠤᠷᠢᠶ᠎ᠠ ᠭᠤᠣᠯ ᠰᠡᠳᠦᠪᠲᠦ ᠬᠥᠮᠦᠵᠢᠯ ᠢ ᠠᠰᠢᠭᠯᠠᠨ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠤᠯᠠᠮ ᠨᠢᠭᠡ ᠠᠯᠬᠤᠮ ᠡᠷᠢᠵᠦ᠂ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢ ᠠᠬᠢᠭᠤᠯᠤᠨ᠎ᠠ᠃     ᠬᠤᠰᠢᠭᠤᠨ ᠤ ᠤᠳᠤᠷᠢᠳᠤᠯᠭ᠎ᠠ ᠵᠠᠩ ᠭᠤᠸᠠᠩ ᡁᠢ᠂ ᠯᠢ ᠶᠤᠸᠠᠢ ᠴᠢᠩ᠂ ᠸᠠᠩ ᠵᠧᠨ ᠰᠢᠶᠠᠩ ᠣᠷᠣᠯᠴᠠᠵᠠᠢ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号