ᠬᠥᠬᠡᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠢᠳᠡᠷ ᠲᠦᠮᠡᠳ ᠵᠡᠭᠦᠨ ᠬᠤᠰᠢᠭᠤᠨ ᠤ ᠵᠢᠨᠱᠠᠨ ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ  ᠫᠷᠥᠭᠷᠡᠮ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/11/28
     2023 ᠣᠨ ᠤ 11 ᠰᠠᠷ᠎ᠠ ᠶᠢᠨ 27 ᠤ ᠡᠳᠦᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠡᠷᠬᠢᠯᠡᠭᠴᠢ ᠢᠳᠡᠷ ᠨᠠᠷ ︽ᠳᠥᠷᠪᠡᠨ ᠪᠤᠰᠤ ᠬᠤᠶᠠᠷ ᠰᠢᠭᠤᠳ︾ ᠬᠡᠯᠪᠡᠷᠢ ᠪᠠᠷ ᠵᠢᠨᠱᠠᠨ ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠪᠡ᠃ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠪᠣᠯ ᠮᠠᠨ ᠤ ᠠᠵᠢᠯ ᠤᠨ ᠳᠤᠮᠳᠠᠬᠢ ᠬᠠᠮᠤᠭ ᠤᠨ ᠴᠢᠬᠤᠯᠠ ᠨᠢᠭᠡ ᠭᠤᠭᠴᠤᠭ᠎ᠠ ᠮᠥᠨ᠃ ᠲᠡᠷᠡ ᠨᠢ ᠬᠥᠮᠥᠨ ᠨᠢᠭᠡᠪᠦᠷᠢ ᠶᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ ᠭᠡᠵᠦ ᠡᠷᠬᠢᠯᠡᠭᠴᠢ ᠢᠳᠥᠷ ᠵᠢᠭᠠᠵᠤ ᠭᠠᠷᠭᠠᠪᠠ᠃ ᠪᠢᠳᠡ ᠡᠷᠬᠡᠪᠰᠢ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠡᠯ᠎ᠡ ᠵᠦᠢᠯ ᠤᠨ ᠠᠶᠤᠯᠭᠦᠢ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃     ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠠᠨ ᠹᠧᠩ᠂ ᠳᠡᠳ᠋ ᠡᠷᠬᠢᠯᠡᠭᠴᠢ ᠡᠾᠤᠸᠧ ᠷᠦᠢ ᠹᠧᠩ  ᠬᠠᠮᠲᠤ ᠪᠠᠷ ᠪᠠᠶᠢᠴᠠᠭᠠᠪᠠ᠃  
 
ᠢᠷᠡᠯᠲᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号