ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/28
     ︽ᠵᠢᠷᠭᠤᠭ᠎ᠠ ᠶᠢ ᠰᠡᠷᠭᠡᠶᠢᠯᠡᠬᠦ ᠲᠠᠪᠤ ᠶᠢ ᠬᠢᠵᠠᠭᠠᠷᠯᠠᠬᠤ ᠳᠥᠷᠪᠡ ᠶᠢ ᠠᠬᠢᠭᠤᠯᠬᠤ︾ ᠰᠠᠭᠤᠷᠢ ᠢᠨᠵᠧᠨᠧᠷᠢᠩ ᠤᠨ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠤᠬᠠᠮᠰᠠᠷ ᠢ ᠦᠨᠡᠨᠬᠦ ᠴᠢᠩᠭᠠᠳᠬᠠᠵᠤ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠥᠪᠡᠷ ᠢ ᠪᠠᠨ ᠠᠪᠤᠷᠠᠬᠤ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ 11 ᠳ᠋ᠦᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠨᠡᠶᠢᠭᠡᠮ ᠲᠣᠭᠤᠷᠢᠭ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠᠭ᠎ᠠ ᠲᠣᠭᠤᠷᠢᠭ ᠲᠤ ︽119︾ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠢᠴᠢ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃     ᠰᠣᠷᠢᠯᠲᠠ ᠬᠢᠬᠦ ᠠᠴᠠ ᠡᠮᠦᠨ᠎ᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠲᠤᠬᠠᠢ ᠶᠢᠨ ᠲᠠᠯᠠᠪᠤᠷ ᠲᠤ ᠪᠠᠶᠢᠭᠰᠠᠨ ᠰᠦᠯᠵᠢᠶᠡᠨ ᠤ ᠠᠵᠢᠯᠲᠠᠨ᠂ ᠠᠮᠤᠷ ᠢ ᠬᠠᠮᠠᠭᠠᠯᠠᠭᠴᠢ᠂ ᠵᠢᠵᠢᠭ ᠲᠣᠭᠤᠷᠢᠭ ᠤᠨ ᠥᠮᠴᠢᠲᠡᠨ ᠳᠤ ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠥᠪᠡᠷ ᠢ ᠪᠠᠨ ᠠᠪᠤᠷᠠᠬᠤ ᠵᠡᠷᠭᠡ ᠭᠠᠯ ᠤᠨᠲᠠᠷᠠᠭᠠᠬᠤ ᠮᠡᠳᠡᠯᠭᠡ ᠶᠢ ᠤᠬᠠᠭᠤᠯᠵᠤ᠂ ᠭᠠᠯ ᠤᠨᠲᠠᠷᠠᠭᠠᠬᠤ ᠭᠠᠯ ᠤᠨᠲᠠᠷᠠᠭᠠᠭᠤᠷ ᠤᠨ ᠬᠡᠷᠡᠭᠯᠡᠬᠦ ᠬᠡᠪᠴᠢᠶ᠎ᠡ ᠪᠠ ᠠᠵᠢᠯᠯᠠᠬᠤ ᠠᠷᠭ᠎ᠠ ᠶᠢ ᠲᠠᠶᠢᠯᠪᠤᠷᠢᠯᠠᠨ ᠦᠵᠡᠭᠦᠯᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠠᠶᠢᠴᠠᠭᠠᠬᠤ ᠪᠠ ᠭᠠᠯ ᠤᠨ ᠠᠶᠤᠯ ᠲᠣᠬᠢᠶᠠᠯᠳᠤᠪᠠᠯ ᠬᠡᠷᠬᠢᠨ ᠰᠢᠢᠳᠪᠦᠷᠢᠯᠡᠬᠦ ᠵᠢᠴᠢ ᠭᠠᠯ ᠤᠨ ᠠᠶᠤᠯ ᠭᠠᠷᠤᠭᠰᠠᠨ ᠤ ᠳᠠᠷᠠᠭ᠎ᠠ ᠬᠡᠷᠬᠢᠨ ᠠᠮᠤᠷ ᠲᠦᠪᠰᠢᠨ ᠢᠶᠠᠷ ᠠᠮᠢ ᠵᠢᠭᠤᠲᠠᠬᠤ ᠵᠡᠷᠭᠡ ᠮᠡᠳᠡᠯᠭᠡ ᠶᠢ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃ ᠡᠭᠦᠨ ᠤ ᠬᠠᠮᠲᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠬᠡᠷᠬᠢᠨ ᠤᠨᠲᠠᠷᠠᠭᠠᠬᠤ᠂ ᠭᠠᠯ ᠤᠨ ᠠᠶᠤᠯ ᠭᠠᠷᠤᠭᠰᠠᠨ ᠤ ᠳᠠᠷᠠᠭ᠎ᠠ ᠬᠡᠷᠬᠢᠨ ᠲᠦᠭᠰᠢᠭᠦᠷᠢ ᠮᠡᠳᠡᠭᠦᠯᠬᠦ ᠵᠡᠷᠭᠡ ᠠᠩᠬᠠᠷᠬᠤ ᠵᠦᠢᠯᠡᠰ ᠲᠤ ᠴᠢᠭᠯᠡᠭᠦᠯᠦᠨ ᠭᠤᠣᠯᠳᠠᠯᠭ᠎ᠠ ᠲᠠᠢ ᠰᠠᠨᠠᠭᠤᠯᠤᠮᠵᠢ ᠥᠭᠭᠦᠭᠰᠡᠨ ᠪᠥᠭᠡᠳ ᠪᠥᠬᠦ ᠬᠥᠮᠥᠰ ᠲᠤ ᠭᠠᠯ ᠤᠨᠲᠠᠷᠠᠭᠠᠭᠤᠷ ᠢ ᠵᠥᠪ ᠬᠡᠷᠡᠭᠯᠡᠬᠦ ᠶᠢ ᠵᠢᠭᠠᠨ ᠵᠢᠯᠣᠭᠤᠳᠪᠠ᠃ ᠡᠳᠦᠷ ᠲᠤᠲᠤᠮ ᠤᠨ ᠬᠡᠷᠡᠭᠯᠡᠭᠡᠨ ᠤ ᠭᠠᠯ ᠳᠤ ᠬᠡᠷᠡᠭᠯᠡᠬᠦ ᠴᠠᠬᠢᠯᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠵᠡᠷᠭᠡ ᠠᠮᠤᠷ ᠲᠦᠪᠰᠢᠨ ᠤ ᠮᠡᠳᠡᠯᠭᠡ ᠳᠤ ᠴᠢᠭᠯᠡᠭᠦᠯᠦᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢ ᠣᠯᠠᠨ ᠳᠤ ᠰᠠᠨᠠᠭᠤᠯᠪᠠ᠃     ᠰᠣᠷᠢᠯᠲᠠ ᠶᠢᠨ ᠳᠤᠮᠳᠠ᠂ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠲᠤ ᠭᠠᠯ ᠤᠨ ᠠᠶᠤᠯ ᠭᠠᠷᠤᠭᠰᠠᠨ ᠤ ᠳᠠᠷᠠᠭᠠᠬᠢ ᠭᠠᠯ ᠤᠨᠲᠠᠷᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠷᠢᠯᠲᠠ ᠳᠤ ᠣᠷᠣᠯᠴᠠᠭᠰᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠠᠮᠤᠷ ᠢ ᠬᠠᠮᠠᠭᠠᠯᠠᠭᠴᠢ᠂ ᠣᠯᠠᠨ ᠲᠦᠮᠡᠨ ᠳᠡᠰ ᠳᠠᠷᠠᠭ᠎ᠠ ᠲᠠᠢ ᠪᠠᠷ ᠰᠣᠷᠢᠯᠲᠠ ᠬᠢᠵᠦ᠂ ᠠᠷᠠᠳ ᠤᠨ ᠴᠠᠭᠳᠠᠭ᠎ᠠ ᠵᠢᠴᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠲᠤᠬᠠᠢ ᠶᠢᠨ ᠲᠠᠯᠠᠪᠠᠶ ᠳᠤ ᠣᠯᠠᠨ ᠲᠦᠮᠡᠨ ᠤ ᠭᠠᠯ ᠤᠨᠲᠠᠷᠠᠭᠠᠬᠤ ᠬᠠᠮᠠᠭᠠᠯᠠᠯᠲᠠ ᠶᠢᠨ ᠬᠤᠪᠴᠠᠰᠤ᠂ ᠭᠠᠯ ᠤᠨᠲᠠᠷᠠᠭᠠᠭᠤᠷ ᠢ ᠬᠡᠷᠬᠢᠨ ᠡᠮᠦᠰᠴᠦ ᠵᠥᠪ ᠬᠡᠷᠡᠭᠯᠡᠬᠦ ᠠᠷᠭ᠎ᠠ ᠵᠢᠴᠢ ᠭᠠᠯ ᠤᠨᠲᠠᠷᠠᠭᠠᠬᠤ ᠤᠰᠤᠨ ᠪᠦᠰᠡ ᠶᠢ ᠰᠢᠳᠡᠬᠦ ᠵᠡᠷᠭᠡ ᠲᠠᠯ᠎ᠠ ᠪᠠᠷ ᠵᠢᠯᠣᠭᠤᠳᠤᠯᠭ᠎ᠠ ᠬᠢᠵᠦ᠂ ᠠᠵᠢᠯᠯᠠᠭᠤᠯᠵᠤ ᠬᠡᠷᠡᠭᠯᠡᠬᠦ ᠶᠠᠪᠤᠴᠠ ᠳᠤ ᠣᠷᠣᠰᠢᠵᠤ ᠪᠠᠶᠢᠭ᠎ᠠ ᠠᠯᠳᠠᠭ᠎ᠠ ᠪᠤᠷᠤᠭᠤ ᠵᠢᠴᠢ ᠵᠢᠷᠤᠮᠵᠢᠭᠤᠨ ᠪᠤᠰᠤ ᠠᠰᠠᠭᠤᠳᠠᠯ ᠢ ᠵᠠᠯᠠᠷᠠᠭᠤᠯᠵᠤ᠂ ᠰᠣᠷᠢᠯᠲᠠ ᠳᠤ ᠣᠷᠣᠯᠴᠠᠭᠰᠠᠳ ᠲᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠦᠨᠡᠨ ᠪᠣᠳᠠᠲᠠᠢ ᠡᠵᠡᠮᠰᠢᠭᠦᠯᠵᠡᠢ᠃ᠰᠣᠷᠢᠯᠲᠠ ᠶᠢᠨ ᠲᠤᠬᠠᠢ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠪᠠᠰᠠ ᠣᠯᠠᠨ ᠲᠦᠮᠡᠨ ᠳᠤ ᠬᠠᠭᠤᠷᠤᠨ ᠮᠡᠬᠡᠯᠡᠬᠦ ᠶᠢ ᠡᠰᠡᠷᠭᠦᠴᠡᠬᠦ᠂ ᠬᠤᠣᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠨ᠂ ᠲᠠᠨᠢᠯ ᠪᠤᠰᠤ ᠬᠥᠮᠥᠨ ᠳᠤ ᠬᠤᠪᠢ ᠬᠥᠮᠥᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠢ᠂ ᠢᠷᠡᠯᠲᠡ ᠨᠢ ᠲᠣᠳᠣᠷᠬᠠᠢ ᠦᠭᠡᠢ ᠤᠲᠠᠰᠤ ᠪᠠ ᠣᠬᠤᠷ ᠮᠡᠳᠡᠭᠡ ᠶᠢ ᠠᠮᠠᠷᠬᠠᠨ ᠢᠲᠡᠭᠡᠵᠦ ᠪᠣᠯᠬᠤ ᠦᠭᠡᠢ ᠭᠡᠵᠦ ᠣᠯᠠᠨ ᠳᠤ ᠰᠠᠨᠠᠭᠤᠯᠪᠠ᠃ ᠡᠭᠦᠨ ᠤ ᠵᠡᠷᠭᠡ ᠳᠤ᠂ ᠡᠯ᠎ᠡ ᠲᠥᠷᠥᠯ ᠤᠨ ᠬᠠᠭᠤᠷᠮᠠᠭ ᠬᠤᠣᠷᠲᠤ ᠡᠳ᠋  ᠢ ᠢᠯᠭᠠᠨ ᠲᠠᠨᠢᠵᠤ ᠰᠡᠷᠭᠡᠶᠢᠯᠡᠬᠦ ᠲᠤᠬᠠᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ  ᠢ ᠪᠡᠶ᠎ᠡ ᠪᠠᠷ  ᠢᠶᠠᠨ ᠬᠤᠣᠷᠲᠤ ᠡᠳ᠋  ᠢ ᠲᠤᠷᠰᠢᠵᠤ ᠪᠣᠯᠬᠤ ᠦᠭᠡᠢ᠂ ᠬᠤᠣᠷᠲᠤ ᠡᠳ᠋  ᠢ ᠡᠷᠡᠰ ᠬᠤᠷᠢᠭᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃     ᠰᠣᠷᠢᠯᠲᠠ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠲᠡᠳᠡᠨ ᠳᠤ ᠭᠠᠯ ᠤᠨ ᠭᠠᠮᠰᠢᠭ ᠤᠨ ᠠᠶᠤᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠂ ᠪᠠᠰᠠ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠰᠤᠷᠴᠤ᠂ ᠪᠣᠳᠠᠲᠠᠢ ᠪᠣᠯᠪᠠᠰᠤᠷᠠᠯ ᠤᠨ ᠴᠢᠳᠠᠪᠤᠷᠢ ᠵᠢᠴᠢ ᠭᠠᠯ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠭᠠᠯ ᠤᠨᠲᠠᠷᠠᠭᠠᠬᠤ ᠠᠵᠢᠯ ᠳᠤ ᠣᠷᠣᠵᠤ᠂ ᠭᠠᠯ ᠤᠨᠲᠠᠷᠠᠭᠠᠬᠤ ᠶᠢ ᠣᠶᠢᠯᠠᠭᠠᠵᠤ᠂ ᠬᠥᠮᠥᠨ ᠪᠣᠯᠭᠠᠨ ᠭᠠᠯ ᠤᠨᠲᠠᠷᠠᠭᠠᠬᠤ ᠳᠤ ᠣᠷᠣᠯᠴᠠᠬᠤ︾ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠰᠠᠨ ᠪᠠᠶᠢᠨ᠎ᠠ ᠭᠡᠵᠡᠢ᠃ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠣᠷᠳᠣ ᠬᠤᠭᠤᠴᠠᠭ᠎ᠠ ᠪᠠᠷ ᠰᠠᠶᠢᠲᠤᠷ ᠬᠢᠵᠦ᠂ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠰᠠᠭᠤᠭᠠᠯᠢ ᠠᠷᠠᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号