ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/28
     ᠰᠤᠷᠭᠠᠨ ᠬᠥᠮᠦᠵᠢᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 27 ᠤ ᠦᠳᠡ ᠶᠢᠨ ᠬᠤᠶᠢᠨ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠠᠵᠢᠯ ᠤᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠴᠢᠩ ᠯᠢᠩ ᠨᠥᠬᠦᠷ ᠢ ᠤᠷᠢᠵᠤ ᠲᠠᠶᠢᠯᠤᠮᠵᠢ ᠬᠢᠯᠭᠡᠪᠡ᠃ ᠬᠤᠷᠠᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤ᠋ ᡁᠢ ᠶᠤᠸᠠᠨ ᠨᠥᠬᠦᠷ ᠡᠷᠭᠢᠯᠡᠵᠡᠶ᠃ ᠪᠥᠬᠦ ᠬᠤᠰᠢᠭᠤᠨ ᠤ ᠡᠯ᠎ᠡ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠳᠠᠷᠤᠭ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠲᠠᠰᠤᠭ᠂ ᠲᠥᠪ ᠤᠨ ᠬᠠᠷᠢᠭᠤᠴᠠᠯᠭᠠᠲᠠᠨ ᠪᠠ ᠨᠢᠭᠲᠠᠯᠠᠨ ᠪᠤᠳᠤᠭᠴᠢ ᠶᠢᠨ ᠨᠡᠶᠢᠲᠡ 107 ᠬᠥᠮᠥᠨ ᠪᠣᠯᠪᠠᠰᠤᠷᠠᠯ ᠤᠨ ᠬᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠯᠢ ᠴᠢᠩ ᠯᠢᠩ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠠᠵᠢᠯ ᠤᠨ ᠵᠠᠷᠴᠢᠮ ᠵᠢᠴᠢ ᠡᠳ᠋ ᠤᠨ ᠶᠠᠪᠤᠳᠠᠯ ᠤᠨ ᠠᠵᠢᠯ ᠤᠨ ᠱᠠᠭᠠᠷᠳᠠᠯᠭ᠎ᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠡᠳ᠋ ᠤᠨ ᠶᠠᠪᠤᠳᠠᠯ ᠤᠨ ᠰᠠᠭᠤᠷᠢ ᠠᠵᠢᠯ᠂ ᠡᠳ᠋ ᠤᠨ ᠶᠠᠪᠤᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠨᠢᠭᠲᠠᠯᠠᠨ ᠪᠤᠳᠤᠭᠴᠢ ᠶᠢ ᠤᠷᠢᠨ ᠬᠡᠷᠡᠭᠯᠡᠬᠦ ᠵᠠᠷᠴᠢᠮ ᠵᠡᠷᠭᠡ ᠬᠠᠮᠢᠶ᠎ᠠ ᠪᠦᠬᠦᠢ ᠮᠡᠳᠡᠯᠭᠡ ᠶᠢ ᠪᠥᠬᠦ ᠲᠠᠯ᠎ᠠ ᠪᠠᠷ ᠵᠠᠳᠠᠯᠪᠠ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠶᠢᠨ ᠤᠳᠤᠷᠢᠳᠤᠯᠭ᠎ᠠ᠂ ᠡᠳ᠋ ᠤᠨ ᠶᠠᠪᠤᠳᠠᠯ ᠤᠨ ᠠᠵᠢᠯᠲᠠᠨ ᠤ ᠡᠳ᠋ ᠤᠨ ᠶᠠᠪᠤᠳᠠᠯ ᠤᠨ ᠠᠶᠤᠯ ᠲᠦᠭᠰᠢᠭᠦᠷᠢ ᠶᠢᠨ ᠤᠬᠠᠮᠰᠠᠷ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ 
 
ᠢᠷᠡᠯᠲᠡ᠄ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号