ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠪᠣᠯᠣᠨ ᠲᠦᠮᠡᠳ ᠵᠡᠭᠦᠨ ᠬᠤᠰᠢᠭᠤᠨ ᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠵᠥᠪᠳᠡᠯᠴᠡᠭᠡᠨ ᠤ ᠬᠤᠷᠠᠯ ᠬᠢᠪᠡ
ᠨᠡᠶᠢᠲᠡᠯᠡᠭᠰᠡᠨ ᠴᠠᠭ᠄
2023/11/28
     ᠰᠢ ᠶᠢᠨ ᠫᠢᠩ ᠶᠡᠷᠦᠩᠬᠡᠢ ᠱᠦᠵᠢ ᠶᠢᠨ ᠴᠦᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠵᠦ᠂ ᠲᠦᠮᠡᠳ ᠵᠡᠭᠦᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠠᠬᠢ ᠬᠠᠮᠢᠶ᠎ᠠ ᠪᠦᠬᠦᠢ ᠲᠣᠭᠲᠠᠭᠠᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠵᠤ᠂ 2023 ᠣᠨ ᠤ 11 ᠰᠠᠷ᠎ᠠ ᠶᠢᠨ 22 ᠤᠨ ᠡᠳᠦᠷ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠬᠢᠭᠡᠳ ᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠲᠦᠮᠡᠳ ᠵᠡᠭᠦᠨ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠸᠠᠩ ᠵᠢᠶᠠ ᠪᠥᠸᠧ ᠵᠢᠴᠢ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠠᠵᠢᠯᠲᠠᠳ ᠵᠥᠪᠳᠡᠯᠴᠡᠬᠦ ᠬᠤᠷᠠᠯ ᠳᠤ ᠣᠷᠣᠯᠴᠠᠵᠠᠢ᠃     ᠵᠥᠪᠳᠡᠯᠴᠡᠭᠡᠨ ᠤ ᠬᠤᠷᠠᠯ ᠳᠡᠭᠡᠷ᠎ᠡ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠡᠩ ᠲᠡᠷᠢᠭᠦᠨ ᠳᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠦᠵᠡᠭᠦᠯᠬᠦ ᠡᠭᠦᠷᠭᠡ ᠴᠢᠳᠠᠪᠤᠷᠢ ᠶᠢᠨ ᠦᠢᠯᠡᠳᠦᠯ ᠵᠢᠴᠢ ᠤᠯᠤᠰ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢᠨ ᠬᠠᠯᠳᠠᠯᠭ᠎ᠠ ᠳᠤ ᠤᠴᠠᠷᠠᠭᠰᠠᠨ ᠢ ᠬᠡᠷᠬᠢᠨ ᠮᠠᠭᠠᠳᠯᠠᠨ ᠲᠣᠭᠲᠠᠭᠠᠬᠤ ᠲᠤᠬᠠᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠵᠠᠰᠠᠭ ᠵᠠᠬᠢᠷᠭᠠᠨ ᠤ ᠪᠠᠶᠢᠭᠤᠯᠤᠯᠭ᠎ᠠ ᠲᠤᠰ ᠲᠤᠰ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠲᠦᠮᠡᠳ ᠵᠡᠭᠦᠨ ᠬᠤᠰᠢᠭᠤᠨ ᠤ ᠬᠡᠪᠴᠢᠶᠡᠨ ᠳᠠᠬᠢ ᠬᠤᠨᠢᠨ ᠰᠦᠷᠦᠭ ᠢ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠠᠨᠢᠯᠴᠠᠭᠤᠯᠪᠠ᠃ ᠵᠥᠪᠳᠡᠯᠴᠡᠬᠦ ᠪᠠᠷ ᠳᠡᠮᠵᠢᠨ᠂ ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠣᠳᠣᠬᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠠᠩ ᠶᠡᠭᠡ ᠠᠬᠢᠴᠠ ᠲᠠᠢ ᠪᠣᠯᠬᠤ ᠶᠢ ᠨᠥᠯᠥᠭᠡᠯᠡᠵᠦ ᠪᠠᠶᠢᠭ᠎ᠠ ᠬᠦᠴᠦᠨ ᠵᠦᠢᠯ ᠳᠤ ᠭᠦᠨᠵᠡᠭᠡᠢ ᠵᠠᠳᠠᠯᠤᠯᠲᠠ ᠬᠢᠭᠰᠡᠨ ᠪᠥᠭᠡᠳ ᠲᠠᠷᠠᠭᠠᠴᠢ ᠶᠢᠨ ᠠᠯᠬᠤᠮ ᠳᠤ ᠠᠷᠠᠳ ᠤᠨ ᠠᠮᠢᠳᠤᠷᠠᠯ ᠢ ᠪᠠᠲᠤᠯᠠᠬᠤ ᠶᠢ ᠬᠠᠮᠲᠤ ᠳᠤᠨᠢ ᠬᠠᠷᠠᠭᠠᠯᠵᠠᠭᠰᠠᠨ ᠤᠷᠢᠲᠠᠯ ᠳᠣᠣᠷ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠲᠠᠯ᠎ᠠ ᠪᠠᠷ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠵᠠᠢ᠃     ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠨᠢ ᠲᠦᠮᠡᠳ ᠵᠡᠭᠦᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠢᠳᠡᠪᠬᠢᠲᠡᠢ ᠳᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠷᠢᠯᠴᠠᠨ ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠯ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠬᠠᠮᠠᠭᠠᠯᠠᠯᠲᠠ ᠶᠢ ᠬᠠᠷᠢᠯᠴᠠᠨ ᠵᠣᠬᠢᠴᠠᠭᠤᠯᠬᠤ ᠳᠤ ᠪᠠᠶᠢᠴᠠᠭᠠᠬᠤ ᠬᠦᠴᠦᠨ ᠢᠶᠠᠨ ᠨᠡᠮᠡᠷᠢᠯᠡᠨ᠎ᠡ᠃ 
 
ᠢᠷᠡᠯᠲᠡ᠄ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号