ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠪᠣᠳᠠᠲᠤ ᠪᠦᠲᠦᠮᠵᠢ ᠪᠤᠯᠠᠭᠠᠨ ᠬᠤᠪᠢᠷᠠᠭᠤᠯᠬᠤ ᠶᠢ ᠢᠳᠡᠪᠬᠢᠲᠡᠢ ᠶᠠᠪᠤᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/11/28
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠦᠮᠡᠳ ᠵᠡᠭᠦᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠤᠱᠯᠠᠭᠤᠯᠵᠤ᠂ ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠵᠣᠪᠠᠨᠢᠯ ᠲᠠᠢ ᠬᠠᠮᠤᠭ ᠤᠨ ᠬᠦᠰᠡᠯ ᠲᠠᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠪᠣᠳᠠᠲᠤ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠪᠠ᠃ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠬᠡᠷᠬᠢᠨ ᠠᠮᠢᠯᠠᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠺᠠᠷᠲ ᠢ ᠬᠡᠷᠬᠢᠨ ᠬᠡᠷᠡᠭᠯᠡᠨ ᠡᠪᠡᠳᠴᠢᠨ ᠦᠵᠡᠭᠦᠯᠬᠦ᠂ ᠳ᠋ᠦᠩᠨᠡᠨ ᠪᠤᠳᠤᠬᠤ︾ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠠᠵᠤ ᠠᠬᠤᠶᠢᠯᠠᠯ᠂ ᠣᠯᠠᠨ ᠲᠦᠮᠡᠨ ᠳᠤ ᠦᠢᠯᠡᠴᠢᠯᠡᠭᠡ ᠬᠦᠷᠭᠡᠨ ᠥᠭᠴᠦ᠂ ᠲᠤᠬᠠᠢ ᠶᠢᠨ ᠭᠠᠵᠠᠷ ᠲᠤᠨᠢ ᠭᠥᠯᠢᠶᠡᠨ ᠠᠪᠴᠤ ᠰᠢᠢᠳᠪᠦᠷᠢᠯᠡᠨ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠬᠠᠷᠢᠭᠤᠯᠤᠨ᠎ᠠ᠃     ᠪᠠᠶᠢᠴᠠᠭᠠᠨ ᠰᠤᠳᠤᠯᠤᠯᠲᠠ ᠶᠢᠨ ᠤᠯᠠᠮ ᠨᠢᠭᠡ ᠠᠯᠬᠤᠮ ᠭᠦᠨᠵᠡᠭᠡᠶᠢᠷᠡᠬᠦ ᠶᠢ ᠳᠠᠭᠠᠯᠳᠤᠨ᠂ ᠳᠠᠭᠠᠳᠬᠠᠯ ᠳᠤ ᠣᠷᠣᠯᠴᠠᠭᠰᠠᠨ ᠬᠥᠮᠥᠰ ᠤᠨ ᠳᠣᠲᠣᠷᠠᠬᠢ ᠬᠡᠦᠬᠡᠳ ᠪᠠᠭᠠᠴᠤᠳ ᠤᠨ ᠬᠠᠮᠲᠤᠯᠢᠭ ᠪᠠ ᠨᠠᠰᠤᠲᠠᠶᠢᠴᠤᠳ ᠣᠶᠤᠨᠯᠢᠭ ᠭᠠᠷ ᠤᠲᠠᠰᠤ ᠲᠣᠬᠢᠷᠠᠭᠤᠯᠤᠭᠰᠠᠨ ᠦᠭᠡᠢ᠂ ᠠᠵᠢᠯᠯᠠᠬᠤ ᠶᠠᠪᠤᠴᠠ ᠶᠢ ᠰᠠᠶᠢᠨ ᠮᠡᠳᠡᠬᠦ ᠦᠭᠡᠢ᠂ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ ᠵᠡᠷᠭᠡ ᠰᠢᠯᠲᠠᠭᠠᠨ ᠠᠴᠠ ᠪᠣᠯᠵᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠪᠦᠲᠦᠮᠵᠢᠲᠡᠶ ᠠᠮᠢᠯᠠᠭᠤᠯᠵᠤ ᠴᠢᠳᠠᠬᠤ ᠦᠭᠡᠢ ᠪᠣᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ᠂ ᠲᠡᠰᠦᠯᠦᠨ ᠪᠤᠳᠤᠬᠤ ᠨᠣᠷᠮ᠎ᠠ ᠶᠢ ᠳᠡᠭᠡᠭᠰᠢᠯᠡᠭᠦᠯᠬᠦ ᠳᠤ ᠬᠦᠴᠢᠷᠲᠡᠢ ᠪᠣᠯᠤᠭᠰᠠᠨ ᠢ ᠣᠯᠵᠤ ᠮᠠᠲᠠᠵᠠᠢ᠃ ᠣᠯᠠᠨ ᠲᠦᠮᠡᠨ ᠤ ᠡᠪᠡᠳᠴᠢᠨ ᠦᠵᠡᠭᠦᠯᠵᠦ ᠡᠪᠡᠳᠴᠢᠨ ᠦᠵᠡᠭᠦᠯᠬᠦ ᠳᠤ ᠲᠥᠬᠦᠮ ᠳᠥᠲᠡ ᠪᠠᠷ ᠳ᠋ᠦᠩᠨᠡᠨ ᠪᠤᠳᠤᠬᠤ ᠶᠢᠨ ᠪᠡᠶᠡᠴᠢᠯᠡᠨ ᠣᠶᠢᠯᠠᠭᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠨᠥᠯᠥᠭᠡᠯᠡᠨ᠎ᠡ᠃     ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠲᠥᠬᠦᠮ᠂ ᠲᠦᠷᠭᠡᠨ᠂ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠳᠥᠲᠡ ᠪᠠᠷ ᠳ᠋ᠦᠩᠨᠡᠨ ᠪᠤᠳᠤᠬᠤ ᠶᠢᠨ ᠣᠶᠢᠯᠠᠭᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠵᠢᠯᠲᠠᠳ ᠬᠡᠦᠬᠡᠳ ᠪᠠᠭᠠᠴᠤᠳ ᠤᠨ ᠬᠠᠮᠲᠤᠯᠢᠭ ᠪᠠ ᠨᠠᠰᠤᠲᠠᠶᠢᠴᠤᠳ ᠲᠤ ︽ᠲᠥᠷᠥᠯ ᠰᠠᠳᠤᠨ ᠤ ᠰᠡᠳᠬᠢᠯᠭᠡ ᠶᠢᠨ ᠲᠠᠩᠰᠠᠨ ᠡᠷᠦᠬᠡ︾ ᠨᠡᠭᠡᠭᠡᠨ ᠥᠭᠴᠦ᠂ ᠠᠵᠢᠯᠯᠠᠬᠤ ᠶᠠᠪᠤᠴᠠ ᠶᠢ ᠭᠠᠷᠲᠠᠨ ᠵᠢᠯᠣᠭᠤᠳᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠢᠮᠠᠭᠲᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠰᠡᠳᠬᠢᠯ ᠤᠨ ᠪᠠ ᠰᠠᠨᠠᠭᠠᠰᠢᠷᠠᠯ ᠢ ᠲᠠᠰᠤᠷᠠᠯᠲᠠ ᠦᠭᠡᠢ ᠠᠷᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠡᠢ᠃ 
 
ᠢᠷᠡᠯᠲᠡ᠄ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号