ᠲᠦᠮᠡᠳ ᠵᠡᠭᠦᠨ ᠬᠤᠰᠢᠭᠤ ᠲᠣᠰ ᠵᠢᠯ ᠤᠨ 6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/11/28
     ᠣᠶᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠭᠤᠷᠪᠠ ᠶᠢ ᠡᠪᠳᠡᠵᠦ᠂ ᠲᠠᠪᠤ ᠶᠢ ᠨᠢᠭᠡᠳᠬᠡᠵᠦ᠂ ᠨᠢᠭᠡ ᠶᠢ ᠰᠢᠨ᠎ᠡ ᠪᠠᠷ ᠪᠠᠶᠢᠭᠤᠯᠬᠤ︾ ᠠᠷᠭ᠎ᠠ ᠪᠠᠷ ᠳᠠᠷᠢᠬᠤ ᠨᠥᠬᠦᠴᠡᠯ ᠢᠶᠠᠨ ᠦᠷᠭᠦᠯᠵᠢᠯᠡᠨ ᠰᠠᠶᠢᠵᠢᠷᠠᠭᠤᠯᠪᠠ᠃ 2023 ᠣᠨ ᠤ 11 ᠰᠠᠷ᠎ᠠ ᠶᠢᠨ 15 ᠤ ᠡᠳᠦᠷ᠂ ᠲᠣᠰ ᠵᠢᠯ ᠤᠨ 6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠪᠠᠷᠢᠮᠵᠢᠶ᠎ᠠ ᠲᠠᠢ ᠠᠩᠬ᠎ᠠ ᠠᠯᠬᠤᠮ ᠤᠨ ᠰᠢᠯᠭᠠᠨ ᠠᠪᠬᠤ ᠠᠵᠢᠯ ᠢ ᠡᠬᠢᠯᠡᠭᠦᠯᠪᠡ᠃     ᠫᠷᠤᠭ᠍ᠷᠡᠮ ᠢ ᠰᠢᠯᠭᠠᠨ ᠠᠪᠬᠤ ᠠᠵᠢᠯ ᠤᠨ ᠳᠤᠭᠤᠶᠢᠯᠠᠩ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠢᠴᠢ ᠬᠤᠲᠠ ᠶᠢᠨ ᠱᠠᠲᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠦᠷᠢᠶᠡᠨ ᠳᠠᠬᠢ ᠳᠡᠭᠡᠳᠦ ᠵᠡᠷᠭᠡ ᠶᠢᠨ ᠢᠨᠵᠧᠨᠧᠷ ᠢᠶᠠᠷ ᠪᠦᠷᠢᠯᠳᠦᠵᠦ᠂ ᠰᠢᠯᠭᠠᠨ ᠠᠪᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠣᠯᠠᠨ ᠬᠡᠯᠪᠡᠷᠢ ᠪᠠᠷ ᠶᠠᠪᠤᠭᠳᠠᠭᠤᠯᠵᠤ᠂ ᠰᠢᠯᠭᠠᠨ ᠠᠪᠬᠤ ᠠᠭᠤᠯᠭ᠎ᠠ ᠶᠢ ᠭᠤᠣᠯᠳᠠᠭᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠪᠡᠯᠡ ᠮᠥᠩᠭᠦ ᠶᠢᠨ ᠬᠡᠷᠡᠭᠯᠡᠯᠲᠡ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠳᠣᠲᠣᠭᠠᠳᠤ ᠠᠵᠢᠯ ᠤᠨ ᠮᠠᠲ᠋ᠧᠷᠢᠶᠠᠯ ᠵᠡᠷᠭᠡ ᠪᠠᠶᠢᠳᠠᠯ ᠤᠨ ᠲᠣᠭᠤᠷᠢᠨ ᠳᠤ ᠶᠠᠪᠤᠭᠳᠠᠭᠤᠯᠤᠨ᠎ᠠ᠃ ᠰᠢᠯᠭᠠᠨ ᠠᠪᠬᠤ ᠶᠠᠪᠤᠴᠠ ᠳᠤ᠂ ᠰᠢᠯᠭᠠᠨ ᠠᠪᠬᠤ ᠳᠤᠭᠤᠶᠢᠯᠠᠩ ᠤᠨ ᠬᠢᠨ ᠬᠠᠷᠢᠮᠠᠬᠠᠢ ᠬᠡᠮᠵᠢᠭᠦᠷᠯᠢᠭ ᠢᠶᠠᠷ ᠰᠢᠨᠳᠠᠰᠤ ᠶᠢᠨ ᠬᠦᠴᠦᠯᠡᠴᠡ ᠶᠢ ᠪᠠᠶᠢᠴᠠᠭᠠᠨ ᠰᠢᠯᠭᠠᠬᠤ᠂ ᠣᠭᠲᠣᠯᠣᠭᠠᠰᠤ ᠶᠢ ᠮᠠᠯᠲᠠᠵᠤ ᠵᠠᠮ ᠤᠨ ᠨᠢᠭᠤᠷ ᠤᠨ ᠵᠤᠵᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ᠂ ᠬᠤᠬᠢᠷᠠᠯ ᠦᠭᠡᠢ ᠥᠷᠥᠮᠳᠡᠬᠦ ᠨᠦᠬᠡ ᠪᠠᠷ ᠰᠢᠨᠳᠠᠰᠤ ᠶᠢᠨ ᠵᠤᠵᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ ᠵᠡᠷᠭᠡ ᠰᠢᠨᠵᠢᠯᠡᠬᠦ ᠤᠬᠠᠭᠠᠨᠴᠢ᠂ ᠲᠡᠷᠢᠭᠦᠨ ᠤ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠫᠷᠤᠭ᠍ᠷᠡᠮ ᠤᠨ ᠢᠨᠵᠧᠨᠧᠷᠢᠩ ᠢ ᠲᠤᠬᠠᠢ ᠶᠢᠨ ᠲᠠᠯᠠᠪᠤᠷ ᠲᠤᠨᠢ ᠲᠠᠰᠢᠷᠠᠮ ᠳᠠᠭᠠᠤ ᠰᠤᠭᠤᠴᠢᠨ ᠪᠠᠶᠢᠴᠠᠭᠠᠵᠤ ᠪᠠᠶᠢᠴᠠᠭᠠᠨ ᠬᠡᠮᠵᠢᠭᠡᠳ᠂ ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠡᠯ᠎ᠡ ᠲᠤᠰᠬᠠᠢ ᠮᠡᠷᠭᠡᠵᠢᠯᠲᠡᠳ ᠳᠡᠭᠡᠳᠦ ᠬᠡᠮᠵᠢᠶ᠎ᠡ ᠪᠠᠷ ᠮᠡᠳᠡᠷᠡᠵᠦ᠂ ᠰᠢᠯᠭᠠᠨ ᠠᠪᠬᠤ ᠠᠵᠢᠯ 11 ᠰᠠᠷ᠎ᠠ ᠶᠢᠨ 26 ᠤ ᠡᠳᠦᠷ ᠪᠦᠬᠦᠨ ᠢᠶᠠᠷ ᠢᠶᠠᠨ ᠳᠠᠭᠤᠰᠪᠠ᠃     ᠲᠣᠰ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ 118.92 ᠲᠦᠮᠡᠨ ᠮᠦ ᠳᠤ ᠬᠦᠷᠴᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ 68% ᠶᠢ ᠡᠵᠡᠯᠡᠨ᠂ ᠲᠥᠪᠯᠡᠷᠡᠨ ᠵᠠᠯᠭᠠᠯᠳᠤᠭᠰᠠᠨ ᠬᠡᠪᠴᠢᠶᠡᠵᠢᠯ ᠠᠴᠠ ᠳᠡᠭᠡᠭᠰᠢᠬᠢ ᠲᠠᠷᠢᠮᠠᠯ ᠤᠨ ᠣᠷᠣᠨ ᠪᠦᠰᠡ ᠶᠢᠨ 17 ︵10 ᠲᠦᠮᠡᠨ ᠮᠦ ᠠᠴᠠ ᠳᠡᠭᠡᠭᠰᠢ 7᠂ 5 ᠲᠦᠮᠡᠨ ᠮᠦ ᠠᠴᠠ ᠳᠡᠭᠡᠭᠰᠢ 5᠂ 1 ᠲᠦᠮᠡᠨ ᠮᠦ ᠠᠴᠠ ᠳᠡᠭᠡᠭᠰᠢ 5︶ ᠬᠦᠷᠴᠦ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠶᠠᠭ ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ᠂ ᠪᠠᠷᠢᠮᠵᠢᠶᠠᠵᠢᠭᠰᠠᠨ᠂ ᠮᠠᠰᠢᠨᠴᠢᠯᠠᠭᠰᠠᠨ᠂ ᠣᠶᠤᠨᠴᠢᠯᠠᠭᠰᠠᠨ ᠴᠢᠭᠯᠡᠯ ᠢᠶᠠᠷ ᠲᠣᠭᠲᠠᠭᠤᠨ ᠢᠶᠠᠷ ᠬᠥᠭᠵᠢᠵᠦ ᠪᠠᠶᠢᠨ᠎ᠠ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号