ᠬᠤᠶᠢᠲᠤ ᠰᠢᠷ᠎ᠠ ᠵᠣᠣ ᠰᠢᠶᠠᠩ ᠪᠣᠯᠣᠨ ᠥᠪᠥᠷ ᠮᠣᠩᠭᠤᠯ ᠤᠨ ᠶᠤᠸᠠᠨ ᠨᠧᠩ ᠣᠶᠤᠨᠲᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠫᠷᠤᠭ᠍ᠷᠡᠮ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/11/29
     11 ᠳ᠋ᠦᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠶᠢᠲᠤ ᠰᠢᠷ᠎ᠠ ᠵᠣᠣ ᠰᠢᠶᠠᠩ ᠬᠢᠭᠡᠳ ᠥᠪᠥᠷ ᠮᠣᠩᠭᠤᠯ ᠤᠨ ᠶᠤᠸᠠᠨ ᠨᠧᠩ ᠣᠶᠤᠨᠲᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠾᠦᠢ ᠴᠤᠸᠠᠨ ᠤ 200MW ᠲᠤᠰᠠᠭᠠᠷ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠵᠦᠢᠯᠡᠰ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃     ᠲᠣᠰ ᠤᠳᠠᠭ᠎ᠠ ᠶᠢᠨ ᠭᠡᠷ᠎ᠡ ᠲᠣᠭᠲᠠᠭᠰᠠᠨ ᠫᠷᠤᠭ᠍ᠷᠡᠮ ᠳᠤ ᠲᠣᠭᠲᠠᠮᠠᠯ ᠭᠦᠶᠦᠳᠡᠯᠲᠦ 1500V ᠡᠨᠧᠷᠭᠢ ᠬᠠᠳᠠᠭᠠᠯᠠᠬᠤ ᠰᠢᠰᠲ᠋ᠧᠮ ᠤᠨ ᠲᠥᠰᠥᠯ ᠢ ᠬᠡᠷᠡᠭᠯᠡᠵᠦ᠂ ᠬᠠᠮᠲᠤ ᠪᠠᠷ ᠡᠳ᠋ᠯᠡᠬᠦ 200MV ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢᠴᠢ ᠢᠵᠢ ᠪᠦᠷᠢᠳᠦᠭᠦᠯᠬᠦ ᠳᠠᠭᠠᠯᠲᠠ ᠲᠥᠬᠦᠭᠡᠷᠦᠮᠵᠢ ᠶᠢ ᠪᠠᠶᠢᠭᠤᠯᠵᠤ᠂ ᠡᠨᠧᠷᠭᠢ ᠬᠠᠳᠠᠭᠠᠯᠠᠬᠤ ᠰᠢᠰᠲ᠋ᠧᠮ ᠢ 5MWh ᠡᠨᠧᠷᠭᠢ ᠬᠠᠳᠠᠭᠠᠯᠠᠬᠤ ᠨᠢᠭᠡᠴᠡ ᠶᠢ 80 ᠬᠤᠪᠢᠶᠠᠵᠤ᠂ ᠶᠡᠷᠦᠩᠬᠡᠢ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠪᠠᠶᠢᠵᠤ᠂  ᠫᠷᠤᠭ᠍ᠷᠡᠮ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 20 ᠰᠠᠷ᠎ᠠ ᠪᠠᠶᠢᠵᠤ᠂ 2025 ᠣᠨ ᠤ 6 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠫᠷᠤᠭ᠍ᠷᠡᠮ ᠨᠢ ᠦᠢᠯᠡᠳᠪᠦᠷᠢᠯᠡᠯ ᠳᠤ ᠣᠷᠣᠭᠰᠠᠨ ᠤ ᠳᠠᠷᠠᠭ᠎ᠠ ᠵᠢᠯ ᠤᠨ ᠭᠠᠶᠢᠯᠢ ᠲᠠᠲᠠᠪᠤᠷᠢ ᠶᠢ 1500 ᠲᠦᠮᠡᠨ ᠲᠥᠭᠦᠷᠢᠭ ᠪᠡᠶᠡᠯᠡᠭᠦᠯᠪᠡ᠃     ᠲᠤᠰ ᠤᠳᠠᠭ᠎ᠠ ᠶᠢᠨ ᠭᠠᠷ ᠤᠨ ᠦᠰᠦᠭ ᠵᠢᠷᠤᠭᠰᠠᠨ  ᠫᠷᠤᠭ᠍ᠷᠡᠮ ᠪᠣᠯ ᠬᠤᠶᠢᠲᠤ ᠰᠢᠷ᠎ᠠ ᠵᠣᠣ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠢ ᠱᠦᠵᠢ ᠰᠢ ᠶᠢᠨ ᠫᠢᠩ  ᠤ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠬᠢᠭᠰᠡᠨ ᠠᠮᠢᠳᠤᠯᠢᠭ ᠦᠢᠯᠡᠳᠦᠯᠭᠡ ᠶᠢ ᠦᠨᠳᠦᠰᠦᠯᠡᠵᠦ᠂ ᠳᠠᠷᠠᠭᠠᠴᠢ ᠶᠢᠨ ᠠᠯᠬᠤᠮ ᠳᠤ᠂ ᠪᠧᠢ ᠱᠢ ᠵᠢᠶᠧ ᠰᠢᠶᠠᠩ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ︿ᠨᠢᠭᠡ ᠶᠢ ᠣᠷᠣᠭᠤᠯᠤᠨ ᠠᠪᠴᠢᠷᠠᠪᠠᠯ ᠨᠢᠭᠡ ᠶᠢ ᠰᠠᠶᠢᠲᠤᠷ ᠪᠠᠶᠢᠭᠤᠯᠵᠤ᠂ ᠨᠢᠭᠡ ᠪᠦᠯᠦᠭ ︿ᠬᠡᠯᠬᠢᠶ᠎ᠡ﹀ ᠶᠢᠨ ᠦᠢᠯᠡᠳᠦᠯ ᠢ ᠪᠣᠶ ᠪᠣᠯᠭᠠᠵᠤ᠂ ᠨᠠᠩ ᠰᠢᠯᠢᠳᠡᠭ ᠣᠷᠴᠢᠨ ᠨᠥᠬᠦᠴᠡᠯ᠂ ᠨᠠᠩ ᠰᠠᠶᠢᠨ ᠦᠢᠯᠡᠴᠢᠯᠡᠭᠡ᠂ ᠨᠠᠩ ᠥᠨᠳᠥᠷ ᠦᠷ᠎ᠡ ᠪᠦᠲᠦᠮᠵᠢ ᠪᠠᠷ  ᠫᠷᠤᠭ᠍ᠷᠡᠮ ᠤᠨ ᠲᠠᠲᠠᠬᠤ ᠠᠵᠢᠯ ᠢ ᠲᠦᠯᠬᠢᠨ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 
 
ᠢᠷᠡᠯᠲᠡ᠄ ᠬᠤᠶᠢᠲᠤ ᠰᠢᠷ᠎ᠠ ᠵᠣᠣ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号