ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠢ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠴᠡᠯᠡᠭᠡᠷ ᠲᠠᠯ᠎ᠠ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/29
     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠢ ᠵᠢᠷᠤᠮᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ᠂ ᠳᠡᠳ᠋ ᠡᠷᠬᠢᠯᠡᠭᠴᠢ ᠯᠢ ᠷᠦᠢ ᠪᠢᠶᠣᠣ᠂ ᠰᠣᠩᠭᠤᠭᠤᠯᠢ ᠶᠢᠨ ᠠᠵᠢᠯ ᠤᠨ ᠬᠤᠷᠢᠶᠠᠨ ᠤ ᠡᠷᠬᠢᠯᠡᠭᠴᠢ ᠴᠢᠦᠢ ᠶᠠᠨ ᠢᠩ᠂ ᠺᠠᠳ᠋ᠷ ᠰᠦᠨ ᠴᠢ ᠵᠢᠴᠢ ᠡᠯ᠎ᠡ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠨᠠᠷ ᠴᠡᠯᠡᠭᠡᠷ ᠪᠠᠯᠭᠠᠰᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ᠂ ᠭᠡᠷ᠂ ᠴᠡᠭ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠣᠭᠤᠷᠢᠨ ᠦᠵᠡᠵᠦ ᠵᠢᠭᠠᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠢᠪᠡ᠃ ᠴᠡᠯᠡᠭᠡᠷ ᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠢᠶᠠᠩ ᠵᠢᠶᠦ᠋ᠨ ᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠭᠤᠣ ᠰᠦᠬᠡ  ᠬᠠᠮᠲᠤ ᠲᠣᠭᠤᠷᠢᠨ ᠦᠵᠡᠪᠡ᠃     ᠬᠤᠷᠠᠯ ᠳᠤ ᠣᠷᠣᠯᠴᠠᠭᠰᠠᠳ ᠡᠩ ᠲᠡᠷᠢᠭᠦᠨ ᠳᠤ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ  ᠨᠢᠶᠠᠨ ᠨᠢᠶᠠᠨ ᠶᠢᠤ ᠢᠦᠢ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠴᠡᠯᠡᠭᠡᠷ ᠲᠠᠯ᠎ᠠ  ᠶᠢᠨ ᠨᠡᠷᠡᠨ ᠬᠤᠸᠠᠷ  ᠤᠨ ᠠᠷᠠᠯᠵᠢᠶᠠᠨ ᠤ ᠲᠥᠪ ᠢ ᠲᠣᠭᠤᠷᠢᠨ ᠦᠵᠡᠵᠦ᠂ ᠨᠡᠷᠡᠨ ᠬᠤᠸᠠᠷ ᠪᠣᠯᠪᠠᠰᠤᠷᠠᠭᠤᠯᠬᠤ ᠦᠢᠯᠡᠳᠪᠦᠷᠢ ᠶᠢᠨ ᠪᠦᠬᠦᠯᠢ ᠴᠣᠭᠴᠠ ᠶᠢᠨ ᠠᠵᠢᠯᠯᠠᠭ᠎ᠠ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠨᠡᠷᠡᠨ ᠬᠤᠸᠠᠷ  ᠤᠨ ᠦᠷ᠎ᠡ  ᠶᠢᠨ ᠥᠩᠭᠡ ᠰᠣᠩᠭᠤᠬᠤ ᠠᠵᠢᠯ ᠤᠨ ᠳᠠᠷᠠᠭᠠᠯᠠᠯ ᠵᠢᠴᠢ ᠲᠤᠬᠠᠢ ᠶᠢᠨ ᠭᠠᠵᠠᠷ ᠤᠨ ᠨᠡᠷᠡᠨ ᠬᠤᠸᠠᠷ  ᠤᠨ ᠠᠵᠤ ᠦᠢᠯᠡᠰ ᠤᠨ ᠬᠥᠭᠵᠢᠯᠲᠡ ᠶᠢ ᠣᠶᠢᠯᠠᠭᠠᠪᠠ᠃     ᠳᠠᠷᠠᠭ᠎ᠠ ᠨᠢ ᠨᠢᠭᠡ ᠪᠦᠯᠦᠭ ᠬᠥᠮᠥᠰ ᠵᠢᠯ ᠵᠢᠯ ᠢᠯᠡᠭᠦᠦ ᠲᠠᠷᠢᠶᠠᠯᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠭᠡᠷ ᠲᠤ ᠬᠦᠷᠴᠦ᠂ ᠲᠠᠶᠢᠯᠪᠤᠷᠢᠯᠠᠭᠴᠢ ᠣᠯᠠᠨ ᠢ ᠳᠠᠭᠠᠭᠤᠯᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ᠂ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢ ᠲᠣᠭᠤᠷᠢᠨ ᠦᠵᠡᠵᠦ᠂ ᠡᠭᠦᠨ ᠤ ᠬᠠᠮᠲᠤ ᠵᠢᠯ ᠵᠢᠯ ᠢᠦ ᠢᠦᠢ ᠬᠡᠷᠡᠭ ᠮᠡᠳᠡᠭᠴᠢᠳ ᠤᠨ ᠳᠠᠷᠤᠭ᠎ᠠ ᠵᠠᠩ ᠪᠥᠸᠧ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠲᠠᠰᠤᠯᠭ᠎ᠠ ᠳᠤ ᠲᠦᠰᠢᠭᠯᠡᠭᠰᠡᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠢᠯᠡᠳᠦᠯ ᠢ ᠪᠠᠳᠠᠷᠠᠭᠤᠯᠵᠤ᠂ ᠲᠣᠰᠬᠤᠨ ᠤ ᠠᠷᠠᠳ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠲᠤᠬᠠᠢ ᠬᠦᠰᠡᠯ ᠱᠠᠭᠠᠷᠳᠠᠯᠭ᠎ᠠ ᠪᠠ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠰᠣᠨᠣᠰᠴᠤ᠂ ᠲᠣᠰᠬᠤᠨ ᠤ ᠠᠷᠠᠳ ᠤᠨ ᠬᠥᠳᠡᠭᠡ ᠠᠵᠤ ᠠᠬᠤᠢ ᠶᠢᠨ ᠲᠦᠷᠦ ᠶᠢᠨ ᠪᠣᠳᠣᠯᠭ᠎ᠠ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ᠂ ᠲᠠᠷᠢᠮᠠᠯ ᠤᠨ ᠮᠡᠷᠭᠡᠵᠢᠯ ᠢ ᠲᠠᠶᠢᠯᠪᠤᠷᠢᠯᠠᠬᠤ ᠵᠡᠷᠭᠡ ᠠᠰᠠᠭᠤᠳᠠᠯ ᠳᠤ ᠵᠢᠯᠣᠭᠤᠳᠤᠯᠭ᠎ᠠ ᠬᠢᠵᠦ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠤᠯᠠᠮ ᠴᠢᠨᠠᠭᠰᠢᠳᠠ ᠳᠠᠶᠢᠴᠢᠯᠠᠵᠤ᠂ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠤᠯᠠᠨ ᠤ ︽ᠰᠡᠳᠬᠢᠯ ᠢᠶᠠᠨ ᠬᠤᠯᠪᠣᠬᠤ ᠬᠥᠭᠦᠷᠭᠡ︾ ᠶᠢ ᠦᠨᠡᠨᠬᠦ ᠰᠠᠶᠢᠲᠤᠷ ᠪᠠᠶᠢᠭᠤᠯᠬᠤ ᠬᠡᠷᠡᠭᠲᠡᠢ᠃     ᠬᠠᠮᠤᠭ ᠤᠨ ᠰᠡᠭᠦᠯ ᠳᠤ᠂ ᠨᠢᠭᠡ ᠪᠦᠯᠦᠭ ᠬᠥᠮᠥᠰ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠢᠷᠡᠵᠦ᠂ ᠲᠠᠶᠢᠯᠪᠤᠷᠢᠯᠠᠬᠤ ᠪᠠᠷ ᠳᠠᠮᠵᠢᠨ ᠲᠥᠯᠥᠭᠡᠯᠡᠭᠴᠢ ᠶᠢᠨ ᠭᠡᠷ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠳᠦᠷᠢᠮ ᠤᠨ ᠪᠠᠶᠢᠭᠤᠯᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠠᠵᠢᠯᠯᠠᠭ᠎ᠠ ᠥᠷᠨᠢᠭᠦᠯᠬᠦ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠥᠯᠥᠭᠡᠯᠡᠭᠴᠢᠳ ᠤᠨ ᠭᠡᠷ ᠪᠦᠯᠢ ᠶᠢᠨ ᠪᠠᠶᠢᠭᠤᠯᠤᠯᠲᠠ ᠵᠢᠴᠢ ᠦᠢᠯᠡᠳᠦᠯ ᠢ ᠪᠠᠳᠠᠷᠠᠭᠤᠯᠬᠤ ᠲᠤᠬᠠᠢ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠪᠠ᠃     ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠡᠯ᠎ᠡ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠶᠢᠨ ᠭᠡᠷ ᠪᠦᠯᠢ  ᠶᠢᠨ ᠪᠠᠶᠢᠭᠤᠯᠤᠯᠲᠠ ᠪᠠ ᠦᠢᠯᠡᠳᠦᠯ   ᠢ ᠪᠠᠳᠠᠷᠠᠭᠤᠯᠤᠭᠰᠠᠨ ᠪᠠᠶᠢᠳᠠᠯ  ᠢ ᠭᠦᠢᠴᠡᠳ ᠨᠤᠲᠠᠯᠠᠬᠤ  ᠶᠢᠨ ᠬᠠᠮᠲᠤ᠂ ᠡᠯ᠎ᠡ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠲᠣᠰ ᠰᠢᠶᠠᠩ ᠪᠠᠯᠭᠠᠰᠤᠨ ᠤ ᠪᠠᠨ ᠣᠨᠴᠠᠯᠢᠭ ᠪᠦᠬᠦᠢ ᠬᠢᠯᠠᠰ ᠴᠡᠭ ᠲᠤ ᠰᠠᠭᠤᠷᠢᠯᠠᠨ᠂ ︽ᠭᠡᠷ︾  ᠢᠶᠠᠨ ᠦᠷᠭᠦᠯᠵᠢᠯᠡᠨ ᠲᠡᠭᠦᠯᠳᠡᠷᠵᠢᠭᠦᠯᠦᠨ ᠰᠠᠶᠢᠵᠢᠷᠠᠭᠤᠯᠵᠤ᠂ ︽ᠭᠡᠷ︾  ᠢᠶᠠᠨ ᠠᠮᠢᠳᠤᠷᠠᠯ ᠳᠤ ᠨᠠᠩ ᠣᠶᠢᠷᠠᠲᠤᠭᠤᠯᠵᠤ᠂ ᠪᠣᠳᠠᠲᠠᠢ ᠳᠤ ᠨᠠᠩ ᠣᠶᠢᠷᠠᠲᠤᠭᠤᠯᠵᠤ᠂ ᠠᠷᠠᠳ ᠲᠤ ᠨᠠᠩ ᠲᠥᠬᠦᠮ ᠦᠵᠡᠭᠦᠯᠵᠦ ᠤᠴᠢᠷ ᠶᠠᠪᠤᠳᠠᠯ ᠪᠦᠲᠦᠭᠡᠨ᠎ᠡ ᠭᠡᠵᠦ ᠴᠢᠬᠤᠯᠠᠴᠢᠯᠠᠵᠠᠢ᠃ ᠡᠭᠦᠨ ᠤ ᠬᠠᠮᠲᠤ ᠲᠥᠯᠥᠭᠡᠯᠡᠭᠴᠢᠳ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠲᠥᠯᠥᠭᠡᠯᠡᠭᠴᠢᠳ ᠤᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠬᠥᠲᠥᠯᠥᠨ ᠵᠢᠯᠤᠭᠤᠳᠴᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠲᠥᠯᠥᠭᠡᠯᠡᠭᠴᠢᠳ ᠤᠨ ᠰᠣᠩᠭᠤᠭᠤᠯᠢ ᠶᠢᠨ ᠠᠷᠠᠳ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠠᠷᠠᠳ ᠤᠨ ᠲᠥᠯᠥᠭᠡ ᠭᠦᠢᠴᠡᠳᠬᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠭᠡᠷ︾ ᠢᠶᠠᠨ ᠦᠨᠡᠨ ᠬᠦ ᠰᠠᠶᠢᠲᠤᠷ ᠬᠡᠷᠡᠭᠯᠡᠬᠦ ᠬᠡᠷᠡᠭᠲᠡᠢ᠃ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠢ ᠲᠥᠯᠥᠭᠡᠯᠡᠭᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠰᠠᠭᠤᠷᠢᠨ ᠭᠠᠵᠠᠷ᠂ ᠤᠯᠠᠨ ᠲᠦᠮᠡᠨ ᠳᠤ ᠦᠢᠯᠡᠴᠢᠯᠡᠬᠦ ᠴᠣᠩᠬᠤ ᠪᠠ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠢ ᠵᠥᠪᠯᠡᠨ ᠵᠠᠰᠠᠭ ᠤᠨ ᠶᠠᠪᠤᠳᠠᠯ ᠢ ᠬᠢᠨᠠᠨ ᠪᠠᠶᠢᠴᠠᠭᠠᠬᠤ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠤᠨ᠎ᠠ᠃ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号