ᠲᠦᠮᠡᠳ ᠵᠡᠭᠦᠨ ᠬᠤᠰᠢᠭᠤ᠄ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠭᠤᠣᠯ ᠰᠡᠳᠦᠪᠲᠦ ᠬᠥᠮᠦᠵᠢᠯ ᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/29
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠦᠮᠡᠳ ᠵᠡᠭᠦᠨ ᠬᠤᠰᠢᠭᠤ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠤᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠠᠢ᠃     ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠤᠨᠤᠯ ᠢᠶᠠᠷ ᠵᠡᠪᠰᠡᠭᠯᠡᠬᠦ ᠶᠢ ᠨᠡᠩ ᠴᠢᠬᠤᠯᠠᠴᠢᠯᠠᠬᠤ ᠬᠡᠷᠡᠭᠲᠡᠢ᠃ ᠰᠢ ᠶᠢᠨ ᠫᠢᠩ ᠵᠡᠭᠦᠨ ᠬᠤᠰᠢᠭᠤᠨ ᠤ ᠬᠢᠨ ︽ᠰᠤᠷᠤᠯᠴᠠᠬᠤ ᠶᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ᠣᠨᠣᠯ ᠤᠨ ᠪᠣᠯᠪᠠᠰᠤᠷᠠᠯ ᠳᠤᠲᠠᠮᠠᠭ᠂ ᠴᠢᠳᠠᠪᠤᠷᠢ ᠶᠢᠨ ᠭᠡᠯᠮᠡᠭᠳᠡᠯ ᠤᠨ ᠠᠰᠠᠭᠤᠳᠠᠯ ᠢ ᠰᠢᠢᠳᠪᠦᠷᠢᠯᠡᠬᠦ ᠪᠠᠷ ᠡᠬᠢᠯᠡᠯᠲᠡ ᠪᠣᠯᠭᠠᠵᠤ᠂ ᠨᠣᠮ ᠤᠩᠰᠢᠬᠤ ᠠᠩᠭᠢ ᠡᠷᠭᠢᠯᠡᠬᠦ᠂ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠬᠢᠴᠢᠶᠡᠯ ᠵᠢᠭᠠᠬᠤ ᠵᠡᠷᠭᠡ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠤᠳᠤᠷᠢᠳᠤᠯᠭ᠎ᠠ᠂ ᠨᠠᠮ ᠤᠨ ᠭᠡᠰᠢᠭᠦᠳ ᠢ ᠬᠥᠬᠡᠨᠠᠭᠤᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠬᠠᠮᠲᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ᠂ ᠵᠥᠷᠢᠶ᠎ᠡ ᠪᠠᠨ ᠡᠷᠢᠵᠦ᠂ ᠴᠢᠭᠯᠡᠯ ᠢᠶᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠳᠠᠮᠵᠢᠭᠤᠯᠵᠤ᠂ ᠤᠨᠤᠯ ᠤᠨ ᠰᠤᠷᠤᠯᠴᠠᠯᠭ᠎ᠠ ᠶᠢ 1900 ᠭᠠᠷᠤᠢ ᠤᠳᠠᠭ᠎ᠠ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠠᠵᠢᠯ ᠢᠶᠠᠨ ᠠᠬᠢᠭᠤᠯᠬᠤ ᠪᠣᠳᠠᠲᠠᠢ ᠰᠡᠳᠬᠢᠴᠡ ᠪᠣᠯᠭᠠᠨ ᠬᠤᠪᠢᠷᠠᠭᠤᠯᠵᠠᠢ᠃     ᠰᠢᠨ᠎ᠡ ᠶᠢ ᠡᠷᠢᠯᠬᠢᠯᠡᠵᠦ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠪᠡ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠦᠮᠡᠳ ᠵᠡᠭᠦᠨ ᠬᠤᠰᠢᠭᠤ ᠶᠢᠨ  ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠲᠤᠪᠤᠶᠢᠯᠭᠠᠵᠦ᠂ ᠦᠷ᠎ᠡ ᠪᠦᠲᠦᠭᠡᠯ ᠢ ᠬᠤᠪᠢᠷᠠᠭᠤᠯᠬᠤ ᠶᠢ ᠲᠤᠪᠤᠶᠢᠯᠭᠠᠵᠦ᠂ ᠪᠠᠶᠢᠴᠠᠭᠠᠨ ᠰᠤᠳᠤᠯᠤᠯᠲᠠ ᠶᠢᠨ ᠶᠠᠪᠤᠴᠠ ᠶᠢ ᠦᠨᠡᠨᠬᠦ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠶᠠᠪᠤᠴᠠ ᠪᠣᠯᠭᠠᠨ ᠬᠤᠪᠢᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠲᠦᠮᠡᠳ ᠵᠡᠭᠦᠨ ᠬᠤᠰᠢᠭᠤᠨ ᠤ ᠡᠯ᠎ᠡ ᠱᠠᠲᠤᠨ ᠤ ᠤᠳᠤᠷᠢᠳᠤᠯᠭ᠎ᠠ 30 ᠭᠠᠷᠤᠢ ᠰᠤᠳᠤᠯᠭᠠᠨ ᠤ ᠰᠡᠳᠦᠪ ᠢ ᠲᠣᠭᠲᠠᠭᠠᠵᠤ᠂ 130 ᠭᠠᠷᠤᠢ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 100 ᠭᠠᠷᠤᠢ ᠠᠰᠠᠭᠤᠳᠠᠯ ᠢ ᠢᠯᠡᠷᠡᠭᠦᠯᠵᠦ᠂ 110 ᠭᠠᠷᠤᠢ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ 30 ᠭᠠᠷᠤᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠵᠠᠢ᠃     ᠪᠣᠳᠠᠲᠠᠢ ᠪᠠᠷ ᠠᠵᠢᠯᠯᠠᠵᠤ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠴᠢᠩᠭ᠎ᠠ ᠠᠳᠬᠤᠪᠠ᠃ ᠲᠦᠮᠡᠳ ᠵᠡᠭᠦᠨ ᠬᠤᠰᠢᠭᠤ ᠢᠯᠴᠢ ᠬᠠᠩᠭᠠᠬᠤ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠣᠩᠬᠤᠨ ᠳᠤ ᠰᠠᠭᠤᠬᠤ᠂ ᠠᠯᠬᠤᠮ ᠳᠠᠷᠠᠭ᠎ᠠ ᠪᠠᠷ ᠶᠠᠪᠤᠬᠤ᠂ ᠬᠠᠤᠯᠢ ᠬᠡᠷᠡᠭᠵᠢᠭᠦᠯᠬᠦ ᠶᠢ ᠳᠠᠭᠠᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ ᠶᠢ 50 ᠬᠤᠪᠢ ᠪᠠᠶᠢᠭᠤᠯᠵᠤ᠂ ᠣᠲᠣ ᠨᠢᠭᠡᠨᠲᠡ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 514 ᠬᠤᠪᠢ ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠣᠳᠣᠬᠠᠨ ᠳᠤ ᠨᠢᠭᠡᠨᠲᠡ 294 ᠬᠤᠪᠢ ᠶᠢ ᠨᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ 3200 ᠭᠠᠷᠤᠢ ᠠᠵᠢᠯ ᠳᠤ ᠪᠠᠶᠢᠭ᠎ᠠ ᠨᠠᠮ ᠤᠨ ᠭᠡᠰᠢᠭᠦᠨ ᠴᠥᠮ ︽ᠬᠤᠶᠠᠷ ᠲᠤ ᠨᠡᠷ᠎ᠡ ᠮᠡᠳᠡᠭᠦᠯᠵᠦ ᠬᠤᠶᠠᠷ ᠲᠤ ᠦᠢᠯᠡᠴᠢᠯᠡᠬᠦ︾ ᠶᠢ ᠪᠡᠶᠡᠯᠡᠭᠦᠯᠪᠡ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠤᠰᠢᠭᠤᠨ ᠤ ᠤᠳᠤᠷᠢᠳᠤᠯᠭ᠎ᠠ ᠰᠤᠷᠪᠤᠯᠵᠢᠯᠠᠬᠤ᠂ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠴᠠᠭᠠᠰᠤᠴᠢ ᠪᠠᠯᠭᠠᠰᠤᠨ ᠤ ᠢᠯᠴᠢ ᠬᠠᠩᠭᠠᠬᠤ ᠵᠥᠷᠢᠴᠡᠯ ᠳᠤ ᠴᠢᠭᠯᠡᠭᠦᠯᠦᠨ᠂ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠣᠳᠣᠬᠠᠨ ᠳᠤ ᠢᠯᠴᠢ ᠡᠭᠦᠰᠬᠡᠭᠴᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠴᠠᠭᠠᠰᠤᠴᠢ ᠪᠠᠯᠭᠠᠰᠤᠨ ᠤ ᠢᠯᠴᠢ ᠬᠠᠩᠭᠠᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠢ ᠲᠤᠶᠢᠯ ᠤᠨ ᠶᠡᠭᠡ ᠪᠠᠷ ᠰᠠᠶᠢᠵᠢᠷᠠᠭᠤᠯᠵᠤ᠂ ︽ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ︾ ᠢᠶᠠᠷ ᠭᠤᠣᠯ ᠰᠡᠳᠦᠪᠲᠦ ᠬᠥᠮᠦᠵᠢᠯ ᠤᠨ ᠭᠦᠨᠴᠡ ᠶᠢ ᠦᠨᠡᠨ ᠬᠦ ᠰᠢᠯᠭᠠᠨ ᠪᠠᠶᠢᠴᠠᠭᠠᠪᠠ᠃     ︽ᠴᠢᠩᠭ᠎ᠠ︾ ᠭᠠᠵᠠᠷ ᠲᠤ ᠥᠭᠡᠷᠡᠴᠢᠯᠡᠨ ᠰᠠᠶᠢᠵᠢᠷᠠᠭᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ᠃ ︽ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠳᠠᠭᠤᠰᠲᠠᠯ᠎ᠠ ᠲᠤᠤᠱᠯᠠᠭᠤᠯᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠦᠮᠡᠳ ᠵᠡᠭᠦᠨ ᠬᠤᠰᠢᠭᠤᠨ ᠤ ᠬᠢᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠰᠠᠭᠤᠳᠠᠯ ᠢ ᠥᠷᠭᠡᠨ ᠢᠶᠠᠷ ᠭᠦᠨᠵᠡᠭᠡᠢ ᠪᠠᠶᠢᠴᠠᠭᠠᠵᠤ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠵᠤ ᠰᠤᠷᠲᠠᠯ ᠢ ᠬᠤᠪᠢᠷᠠᠭᠤᠯᠵᠤ᠂ ᠰᠢᠰᠲ᠋ᠧᠮ ᠲᠠᠢ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠵᠡᠷᠭᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠬᠦᠴᠦᠨ ᠦᠭᠡᠢ ᠪᠣᠯᠭᠠᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠬᠡᠷᠡᠭᠵᠢᠭᠦᠯᠬᠦ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠪᠠᠶᠢᠴᠠᠭᠠᠨ ᠦᠵᠡᠵᠦ ᠵᠠᠳᠠᠯᠤᠯᠲᠠ ᠬᠢᠵᠦ᠂ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠢᠢᠳᠪᠦᠷᠢᠯᠡᠬᠦ ᠠᠴᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠪᠦᠷᠢᠯᠳᠦᠭᠦᠯᠵᠦ᠂ ᠬᠠᠭᠠᠰ ᠰᠠᠷ᠎ᠠ ᠳᠤ ᠨᠢᠭᠡ ᠤᠳᠠᠭ᠎ᠠ ᠲᠣᠬᠢᠷᠠᠭᠤᠯᠵᠤ᠂ ᠨᠢᠭᠡ ᠪᠦᠯᠦᠭ ᠢ ᠨᠢ ᠬᠠᠰᠤᠨ᠎ᠠ᠃ 
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号