ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠵᠢᠨᠴᠤᠸᠠᠨ ᠤ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠠᠵᠢᠯᠲᠠᠨ ᠠᠵᠢᠯᠴᠢᠨ ᠤ ᠭᠡᠷ ︾ ᠵᠢᠩᠬᠢᠨᠢ ᠪᠠᠷ ᠫᠠᠶᠢᠰᠠ ᠡᠯᠭᠦᠵᠦ ᠬᠡᠷᠡᠭᠯᠡᠭᠡᠨ ᠳᠤ ᠣᠷᠤᠪᠠ
ᠨᠡᠶᠢᠲᠡᠯᠡᠭᠰᠡᠨ ᠴᠠᠭ᠄
2023/11/29
     11 ᠰᠠᠷ᠎ᠠ ᠶᠢᠨ 28 ᠤ ᠡᠳᠦᠷ᠂ ᠲᠦᠮᠡᠳ ᠵᠡᠭᠦᠨ ᠬᠤᠰᠢᠭᠤᠨ ᠤ ᠵᠢᠨᠴᠤᠸᠠᠨ ᠤ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠠᠵᠢᠯᠲᠠᠨ ᠠᠵᠢᠯᠴᠢᠨ ᠤ ᠭᠡᠷ︾ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ᠂ ᠬᠢᠨᠠᠨ ᠪᠠᠶᠢᠴᠠᠭᠠᠬᠤ ᠳᠠᠷᠤᠭ᠎ᠠ ᠳ᠋ᠦ᠋ ᠸᠧᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠶᠠᠩ ᠵᠢᠶᠠᠨ ᠵᠥᠩ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠺᠣᠮᠢᠰᠰᠠᠷ ᠴᠧᠨ ᠮᠠᠨ ᠶᠤᠸᠠᠨ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠢᠬᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠶᠦᠨ ᠱᠧᠩ ᠫᠠᠶᠢᠰᠠ ᠡᠯᠬᠦᠬᠦ ᠶᠤᠰᠤᠯᠠᠯ ᠳᠤ ᠤᠷᠤᠯᠴᠠᠪᠠ᠃     ᠶᠣᠰᠣᠯᠠᠯ ᠳᠡᠭᠡᠷ᠎ᠡ᠂ ᠲᠡᠷᠢᠭᠦᠯᠡᠭᠴᠢ ᠶᠠᠩ ᠵᠢᠶᠠᠨ ᠵᠥᠩ ᠵᠢᠨᠴᠤᠸᠠᠨ ᠤ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠠᠵᠢᠯᠲᠠᠨ ᠠᠵᠢᠯᠴᠢᠨ ᠤ ᠭᠡᠷ︾ ᠢ ᠵᠢᠩᠬᠢᠨᠢ ᠪᠠᠷ ᠡᠬᠢᠯᠡᠵᠦ ᠬᠡᠷᠡᠭᠯᠡᠭᠰᠡᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ᠵᠢᠨᠴᠤᠸᠠᠨ ᠤ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠴᠢᠨ ᠤ ᠡᠪᠯᠡᠯ ᠤᠨ ᠠᠵᠢᠯ ᠢ ᠭᠦᠢᠴᠡᠳ ᠮᠡᠳᠡᠷᠡᠭᠰᠡᠨ ᠪᠠ ᠨᠤᠲᠠᠯᠠᠭᠰᠠᠨ ᠪᠠᠶᠢᠨ᠎ᠠ᠃ ᠲᠡᠷᠡ ᠴᠢᠬᠤᠯᠠᠴᠢᠯᠠᠭᠰᠠᠨ  ᠨᠢ᠂ ᠣᠶᠢᠷ᠎ᠠ ᠶᠢᠨ ᠵᠢᠯ ᠠᠴᠠ ᠨᠠᠰᠢ᠂ ᠵᠢᠨᠴᠤᠸᠠᠨ ᠣᠷᠣᠨ ᠤ ᠬᠥᠮᠥᠨ ᠠᠮᠠ ᠶᠢᠨ ᠬᠡᠪᠴᠢᠶ᠎ᠡ ᠶᠡᠭᠡ᠂ ᠨᠢᠭᠲᠠᠴᠠ ᠥᠨᠳᠥᠷ ᠪᠠᠶᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠦᠨᠳᠦᠰᠦᠨ ᠱᠠᠲᠤᠨ ᠤ ᠰᠠᠭᠤᠷᠢ ᠠᠵᠢᠯ ᠪᠠᠭᠤᠷᠠᠢ ᠮᠥᠷᠲᠡᠭᠡᠨ ᠭᠠᠳᠠᠨ᠎ᠠ ᠠᠴᠠ ᠢᠷᠡᠭᠰᠡᠨ ᠬᠥᠮᠥᠨ ᠠᠮᠠ ᠣᠯᠠᠨ ᠪᠠᠶᠢᠵᠤ᠂ ᠣᠳᠣᠬᠠᠨ ᠤ ᠨᠡᠶᠢᠭᠡᠮ ᠤᠨ ᠵᠠᠰᠠᠯᠲᠠ ᠶᠢᠨ ᠠᠰᠠᠭᠤᠳᠠᠯ ᠣᠯᠠᠨ᠂ ᠬᠠᠮᠢᠶᠠᠷᠤᠯᠲᠠ ᠶᠢᠨ ᠬᠦᠴᠢᠷᠳᠡᠯ ᠶᠡᠭᠡ ᠪᠣᠯᠵᠤ᠂ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠠᠵᠢᠯ ᠤᠨ ᠳᠠᠷᠤᠯᠲᠠ ᠶᠢ ᠠᠶᠠᠨᠳᠠᠭᠠᠨ ᠨᠡᠮᠡᠭᠳᠡᠭᠦᠯᠦᠭᠰᠡᠨ ᠪᠠᠶᠢᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠬᠢᠨ ᠵᠢᠨᠴᠤᠸᠠᠨ ᠤ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠤᠨ ᠺᠠᠳ᠋ᠷ ᠴᠠᠭᠳᠠᠭ᠎ᠠ ᠶᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ︽ᠠᠵᠢᠯᠲᠠᠨ ᠠᠵᠢᠯᠴᠢᠨ ᠤ ᠭᠡᠷ︾ ᠤᠨ ᠲᠠᠪᠴᠠᠩ ᠢ ᠰᠠᠶᠢᠲᠤᠷ ᠬᠠᠮᠠᠭᠠᠯᠠᠨ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠠᠵᠢᠯᠲᠠᠨ ᠠᠵᠢᠯᠴᠢᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ᠂ ᠠᠵᠢᠯᠲᠠᠨ ᠠᠵᠢᠯᠴᠢᠨ ᠳᠤ ᠦᠢᠯᠡᠴᠢᠯᠡᠬᠦ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃     ᠫᠠᠶᠢᠰᠠ ᠡᠯᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠠᠵᠢᠯᠲᠠᠨ ᠠᠵᠢᠯᠴᠢᠨ ᠤ ᠨᠣᠮ ᠤᠨ ᠥᠷᠥᠭᠡ᠂ ᠡᠮᠡᠭᠲᠡᠢ ᠠᠵᠢᠯᠲᠠᠨ ᠠᠵᠢᠯᠴᠢᠨ ᠤ ᠠᠮᠠᠷᠠᠵᠤ ᠬᠥᠬᠦᠭᠦᠯᠬᠦ ᠥᠷᠥᠭᠡ᠂ ᠠᠵᠢᠯᠲᠠᠨ ᠠᠵᠢᠯᠴᠢᠨ ᠤ ᠬᠥᠳᠡᠯᠭᠡᠭᠡᠨ ᠤ ᠥᠷᠥᠭᠡ᠂ ᠪᠡᠶ᠎ᠡ ᠴᠢᠭᠢᠷᠠᠭᠵᠢᠭᠤᠯᠬᠤ ᠥᠷᠥᠭᠡ ᠵᠡᠷᠭᠡ ᠠᠵᠢᠯᠴᠢᠨ ᠤ ᠡᠪᠯᠡᠯ ᠤᠨ ᠵᠢᠭᠰᠠᠭᠠᠯ ᠤᠨ ᠭᠠᠵᠠᠷ  ᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ  ᠶᠢ ᠣᠶᠢᠯᠠᠭᠠᠪᠠ᠃ ᠰᠡᠭᠦᠯᠡᠷ ᠨᠢ ᠪᠠᠰᠠ ᠯᠠᠪᠯᠠᠨ ᠠᠰᠠᠭᠤᠬᠤ ᠲᠠᠰᠤᠭ᠂ ᠬᠡᠷᠡᠭ ᠵᠥᠪᠳᠡᠯᠴᠡᠬᠦ ᠲᠠᠰᠤᠭ᠂ ᠵᠢᠯᠣᠭᠤᠳᠤᠨ ᠲᠣᠬᠢᠷᠠᠭᠤᠯᠬᠤ ᠲᠠᠰᠤᠭ ᠵᠡᠷᠭᠡ ᠭᠠᠵᠠᠷ ᠲᠤ ᠬᠦᠷᠴᠦ ᠺᠠᠳ᠋ᠷ ᠴᠠᠭᠳᠠᠭ᠎ᠠ ᠨᠠᠷ ᠤᠨ ᠠᠵᠢᠯ ᠠᠮᠢᠳᠤᠷᠠᠯ ᠢ ᠣᠶᠢᠯᠠᠭᠠᠪᠠ᠃ 
 
ᠢᠷᠡᠯᠲᠡ᠄ ᠠᠵᠢᠯᠴᠢᠨ ᠤ ᠶᠡᠷᠦᠩᠬᠡᠢ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号