ᠲᠦᠮᠡᠳ ᠵᠡᠭᠦᠨ ᠬᠤᠰᠢᠭᠤᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠳ ᠤᠨ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ ᠮᠡᠳᠡᠭᠳᠡᠯ
ᠨᠡᠶᠢᠲᠡᠯᠡᠭᠰᠡᠨ ᠴᠠᠭ᠄
2023/11/29
ᠥᠷᠭᠡᠨ ᠣᠯᠠᠨ ᠳᠠᠭᠠᠳᠬᠠᠯ ᠳᠤ ᠣᠷᠣᠯᠴᠠᠭᠴᠢ ︵ᠬᠠᠷᠠᠭᠠᠯᠵᠠᠯ ᠬᠦᠷᠲᠡᠭᠴᠢ︶᠄     ᠲᠦᠮᠡᠳ ᠵᠡᠭᠦᠨ ᠬᠤᠰᠢᠭᠤᠨ ᠤ 2012 ᠣᠨ ᠳᠤ ᠳᠤᠮᠳᠠᠳᠤ ᠤᠯᠤᠰ ᠤᠨ ᠪᠠᠩᠬᠢ ᠶᠢᠨ ᠦᠢᠯᠡᠳᠦᠨ ᠲᠠᠷᠬᠠᠭᠠᠭᠰᠠᠨ ᠠᠩᠬᠠᠨ ᠤ ᠪᠦᠯᠦᠭ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ︵ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ︶ ᠤᠨ ᠠᠷᠪᠠᠨ ᠵᠢᠯ ᠤᠨ ᠬᠦᠴᠦᠨ ᠲᠠᠢ ᠬᠤᠭᠤᠴᠠᠭ᠎ᠠ ᠨᠢ ᠨᠢᠭᠡᠨᠲᠡ ᠬᠦᠷᠴᠦ ᠢᠷᠡᠭᠰᠡᠨ ᠪᠣᠯᠪᠠᠴᠤ ᠬᠠᠷᠢᠶᠠᠲᠤ ᠣᠷᠣᠨ ᠤ ᠬᠡᠰᠡᠭ ᠰᠢᠶᠠᠩ ᠪᠠᠯᠭᠠᠰᠤᠨ ᠤ ᠨᠢᠭᠡᠴᠡ ᠳᠤ ᠮᠥᠨ ᠬᠦ ᠶᠡᠭᠡ ᠬᠡᠮᠵᠢᠶᠡᠨ ᠤ ᠠᠵᠢᠯᠲᠠᠨ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠰᠣᠯᠢᠵᠤ ᠳᠡᠶᠢᠯᠦᠭᠡᠳᠦᠢ ᠪᠣᠯᠬᠤᠷ᠂ ᠳᠠᠭᠠᠳᠬᠠᠯ ᠳᠤ ᠣᠷᠣᠯᠴᠠᠭᠰᠠᠳ ᠤᠨ ᠬᠡᠪ ᠤᠨ ᠬᠡᠷᠡᠭᠯᠡᠭᠡ ᠶᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠥᠯᠥᠭᠡ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠴᠠᠭ ᠲᠤᠬᠠᠢ ᠳᠤᠨᠢ ᠰᠣᠯᠢᠬᠤ ᠴᠢᠬᠤᠯᠠᠲᠠᠢ ᠪᠠᠶᠢᠨ᠎ᠠ᠃ ᠥᠷᠭᠡᠨ ᠤᠯᠠᠨ ᠰᠠᠭᠤᠭᠠᠯᠢ ᠠᠷᠠᠳ ᠰᠠᠶᠢᠨ ᠳᠤᠷ᠎ᠠ ᠠᠴᠠ ᠪᠠᠨ ᠪᠠᠩᠬᠢ ᠶᠢ ᠰᠣᠩᠭᠤᠵᠤ ᠭᠠᠷ ᠭᠦᠢᠴᠡᠳᠬᠡᠯ ᠬᠢᠵᠦ ᠪᠣᠯᠣᠨ᠎ᠠ᠃ᠠᠩᠬᠠᠷᠬᠤ ᠵᠦᠢᠯ᠄     1. ᠭᠤᠷᠪᠠᠳᠤᠭᠠᠷ ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠢ ᠰᠣᠯᠢᠭᠰᠠᠨ ᠤ ᠳᠠᠷᠠᠭ᠎ᠠ᠂ ᠵᠣᠬᠢᠬᠤ ᠪᠠᠩᠬᠢ ᠳᠤ ᠴᠠᠭ ᠲᠤᠬᠠᠢ ᠳᠤᠨᠢ ᠮᠥᠩᠭᠦᠨ ᠭᠦᠢᠯᠭᠡᠭᠡᠨ ᠤ ᠴᠢᠳᠠᠮᠵᠢ ᠶᠢ ᠬᠥᠭᠵᠢᠭᠡᠭᠡᠷᠡᠢ᠂ ᠢᠯᠠᠩᠭᠤᠶ᠎ᠠ ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ ᠪᠠᠶᠢᠭ᠎ᠠ ᠬᠥᠮᠥᠰ ᠡᠷᠬᠡᠪᠰᠢ ᠰᠣᠯᠢᠭᠰᠠᠨ ᠤ ᠳᠠᠷᠠᠭ᠎ᠠ ᠮᠥᠩᠭᠦᠨ ᠭᠦᠢᠯᠭᠡᠭᠡᠨ ᠤ ᠴᠢᠳᠠᠮᠵᠢ ᠶᠢ ᠠᠮᠢᠯᠠᠭᠤᠯᠬᠤ ᠬᠡᠷᠡᠭᠲᠡᠢ᠂ ᠡᠰᠡ ᠲᠡᠭᠡᠪᠡᠯ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠠᠷᠬᠠᠭᠠᠵᠤ ᠳᠡᠶᠢᠯᠬᠦ ᠦᠭᠡᠢ ᠪᠣᠯᠣᠨ᠎ᠠ᠃     2.ᠨᠢᠷᠠᠢ ᠬᠡᠦᠬᠡᠳ ᠢ ᠦᠵᠡᠭᠳᠡᠭᠰᠡᠨ ᠤ ᠳᠠᠷᠠᠭ᠎ᠠ ᠡᠴᠢᠭᠡ ᠡᠬᠡ ᠨᠢ ᠬᠠᠮᠢᠶ᠎ᠠ ᠪᠦᠬᠦᠢ ᠦᠨᠡᠮᠯᠡᠯ ᠢᠶᠠᠨ ᠠᠪᠴᠤ ᠶᠠᠪᠤᠵᠤ ᠪᠣᠯᠣᠨ᠎ᠠ᠃     3. ᠨᠡᠶᠢᠭᠡᠮ ᠤᠨ ᠪᠠᠲᠤᠯᠠᠭ᠎ᠠ ᠶᠢᠨ ᠺᠠᠷᠲ ᠬᠢᠯᠭᠡᠭᠰᠡᠨ ᠦᠭᠡᠢ ᠬᠥᠮᠥᠰ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠦᠶ᠎ᠡ ᠳᠤ ᠨᠥᠯᠥᠭᠡ ᠭᠠᠷᠬᠤ  ᠠᠴᠠ ᠵᠠᠶᠢᠯᠠᠰᠬᠢᠬᠦ ᠶᠢᠨ ᠲᠥᠯᠥᠭᠡ ᠴᠠᠭ ᠲᠤᠬᠠᠢ ᠳᠤᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠬᠢᠯᠭᠡᠭᠰᠡᠨ ᠦᠭᠡᠢ ᠪᠠᠶᠢᠪᠠᠯ ᠴᠠᠭ ᠲᠤᠬᠠᠢ ᠳᠤᠨᠢ ᠭᠠᠷ ᠭᠦᠢᠴᠡᠳᠬᠡᠯ ᠬᠢᠬᠦ ᠬᠡᠷᠡᠭᠲᠡᠢ᠃     4. ᠨᠢᠭᠡᠨᠲᠡ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠭᠰᠠᠨ ᠪᠥᠭᠡᠳ ᠬᠡᠪ ᠤᠨ ᠪᠠᠶᠢᠳᠠᠯ ᠢᠶᠠᠷ ᠬᠡᠷᠡᠭᠯᠡᠵᠦ ᠪᠣᠯᠬᠤ ᠳᠠᠭᠠᠳᠬᠠᠯ ᠳᠤ ᠣᠷᠣᠯᠴᠠᠭᠴᠢ ︵ᠣᠯᠭᠤᠮᠵᠢ ᠬᠦᠷᠲᠡᠭᠴᠢ︶ ᠶᠢ ᠰᠣᠯᠢᠬᠤ ᠬᠡᠷᠡᠭ ᠦᠭᠡᠢ᠃5.ᠬᠡᠷᠪᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠲᠤᠬᠠᠢ ᠪᠤᠰᠤᠳ ᠠᠰᠠᠭᠤᠳᠠᠯ ᠪᠠᠶᠢᠪᠠᠯ᠂ 0471-8162611 ᠳᠤ ᠤᠲᠠᠰᠤᠳᠠᠵᠤ ᠠᠰᠠᠭᠤᠨ ᠯᠠᠪᠯᠠᠵᠤ ᠪᠣᠯᠣᠨ᠎ᠠ᠃                      ᠲᠦᠮᠡᠳ ᠵᠡᠭᠦᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ                                2023 ᠣᠨ ᠤ 11 ᠰᠠᠷ᠎ᠠ ᠶᠢᠨ 27 ᠤ ᠡᠳᠦᠷ  
 
ᠢᠷᠡᠯᠲᠡ᠄ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号