ᠮᠠᠨ ᠤ ᠣᠷᠣᠨ ᠤ 5 ᠫᠷᠤᠭ᠍ᠷᠡᠮ ᠪᠦᠭᠦ ᠤᠯᠤᠰ ᠤᠨ ᠵᠢᠱᠢᠶ᠎ᠡ ᠦᠵᠡᠭᠦᠯᠭᠦ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2023/11/29
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠤᠨ ᠵᠢᠱᠢᠶ᠎ᠡ ᠦᠵᠡᠭᠦᠯᠭᠦ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠲᠦᠷᠦᠭᠦᠬᠡᠨ ᠾᠧᠪᠧᠢ ᠮᠤᠵᠢ ᠳᠤ ᠶᠠᠪᠤᠭᠳᠠᠵᠤ᠂ ᠮᠠᠨ ᠤ ᠣᠷᠣᠨ ᠤ ᠬᠥᠯᠥᠨ ᠪᠤᠶᠢᠷ ᠬᠤᠲᠠ ᠶᠢᠨ ᠣᠯᠭᠤᠶᠠ ᠶᠢᠨ ᠮᠣᠳᠣᠨ ᠰᠡᠶᠢᠯᠦᠮᠡᠯ ᠪᠠ ᠬᠤᠰᠤᠨ ᠮᠣᠳᠣᠨ ᠤ ᠦᠢᠰᠦᠨ ᠤᠷᠠᠯᠠᠯ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠡᠦᠬᠡᠳ ᠤᠨ ᠪᠠᠷ ᠵᠢᠷᠤᠭ᠂ ᠭᠦᠭᠡᠬᠤᠲᠠ ᠶᠢᠨ ᠬᠤᠷᠢᠨᠭᠡᠷ ᠰᠢᠶᠠᠨ ᠤ ᠴᠠᠭᠠᠰᠤᠨ ᠬᠠᠶᠢᠴᠢᠯᠠᠮᠠᠯ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ᠠᠨᠳᠠᠢ ᠪᠥᠵᠢᠭ 5 ᠲᠥᠷᠥᠯ ᠵᠦᠢᠯ ᠦᠵᠡᠭᠦᠯᠭᠡ ᠳᠤ ᠣᠷᠣᠯᠴᠠᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃     ᠲᠣᠰ ᠤᠳᠠᠭ᠎ᠠ ᠶᠢᠨ ᠠᠵᠢᠯᠯᠠᠭ᠎ᠠ ᠨᠢ ︽ᠠᠷᠠᠳ ᠤᠨ ᠤᠷᠠᠯᠢᠭ ᠬᠥᠳᠡᠭᠡ ᠲᠣᠰᠬᠤᠨ ᠢ ᠭᠡᠷᠡᠯᠲᠦᠭᠦᠯᠵᠦ ᠤᠯᠠᠮᠵᠢᠯᠠᠯᠲᠤ ᠰᠣᠶᠣᠯ ᠬᠥᠭᠵᠢᠯᠲᠡ ᠳᠤ ᠬᠦᠴᠦᠨ ᠨᠡᠮᠡᠷᠢᠯᠡᠨᠡᠮ︾ ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ ᠪᠡᠭᠡᠵᠢᠩ᠂ ᠲᠢᠶᠠᠨᠵᠢᠨ᠂ ᠥᠪᠥᠷ ᠮᠣᠩᠭᠤᠯ ᠵᠡᠷᠭᠡ 13 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠰᠢᠯᠢᠳᠡᠭ ᠰᠠᠶᠢᠨ ᠠᠷᠠᠳ ᠤᠨ ᠰᠣᠶᠣᠯ ᠤᠷᠠᠯᠢᠭ ᠤᠨ ᠦᠵᠡᠭᠦᠯᠭᠡ ᠶᠢᠨ ᠲᠥᠷᠥᠯ ᠵᠦᠢᠯ ᠪᠣᠯᠣᠨ ᠲᠣᠬᠯᠠᠯᠲᠠ ᠶᠢ ᠲᠥᠪᠯᠡᠷᠡᠭᠦᠯᠵᠦ᠂ ᠠᠬᠤᠢ ᠳᠠᠯᠠᠪᠠᠢ ᠳᠤ ᠲᠦᠮᠡ ᠰᠢᠬᠠᠮ ᠬᠥᠮᠥᠨ ᠦᠵᠡᠭᠦᠯᠭᠡ ᠶᠢ ᠲᠣᠭᠤᠷᠢᠨ ᠦᠵᠡᠵᠦ᠂ 1300 ᠲᠦᠮᠡᠨ ᠬᠥᠮᠥᠨ ᠰᠢᠭᠤᠳ ᠨᠡᠪᠲᠡᠷᠡᠭᠦᠯᠭᠡ  ᠶᠢ  ᠦᠵᠡᠵᠡᠢ᠃     ᠣᠶᠢᠯᠠᠭᠠᠭᠰᠠᠨ ᠢᠶᠠᠷ᠂ 2021 ᠣᠨ ᠠᠴᠠ 2023 ᠣᠨ ᠪᠤᠯᠳᠠᠯ᠎ᠠ ᠮᠠᠨ ᠤ ᠣᠷᠣᠨ ᠤ 5 ᠬᠤᠰᠢᠭᠤ ᠰᠢᠶᠠᠨ ᠤᠷᠢᠳ ᠬᠤᠵᠢᠳ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ ᠦᠨᠡᠯᠡᠭᠳᠡᠪᠡ᠃ ᠡᠨᠡ 5 ᠬᠤᠰᠢᠭᠤ ᠰᠢᠶᠠᠨ ᠨᠢ ᠴᠥᠮ ᠥᠪᠡᠷᠮᠢᠴᠡ ᠣᠨᠴᠠᠯᠢᠭ ᠲᠠᠢ ᠪᠠᠶᠢᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠮᠥᠷᠲᠡᠭᠡᠨ ᠥᠷᠭᠡᠨ ᠢᠶᠠᠷ ᠣᠷᠣᠯᠴᠠᠬᠰᠠᠨ ᠠᠷᠠᠳ ᠤᠨ ᠰᠣᠶᠣᠯ ᠤᠷᠠᠯᠢᠭ ᠲᠠᠢ  ᠪᠣᠯᠬᠤᠷ ᠪᠦᠭᠦ ᠤᠯᠤᠰ ᠲᠤ ᠨᠡᠯᠢᠶᠡᠳ ᠶᠡᠭᠡ ᠨᠡᠷ᠎ᠡ ᠨᠥᠯᠥᠭᠡ ᠲᠠᠢ ᠶᠤᠮ᠃ ᠡᠳᠡᠭᠡᠷ ᠭᠠᠵᠠᠷ ᠨᠢ ᠰᠢᠯᠢᠳᠡᠭ ᠰᠠᠶᠢᠨ ᠠᠷᠠᠳ ᠤᠨ ᠰᠣᠶᠣᠯ ᠤᠯᠠᠮᠵᠢᠯᠠᠯ ᠪᠠ ᠰᠣᠶᠣᠯ ᠤᠨ ᠡᠬᠢ ᠪᠠᠶᠠᠯᠢᠭ ᠢᠶᠠᠨ ᠭᠦᠢᠴᠡᠳ ᠠᠰᠢᠭᠯᠠᠨ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ᠂ ᠦᠨᠳᠦᠰᠦᠲᠡᠨ ᠤ ᠪᠠ ᠣᠷᠣᠨ ᠨᠤᠲᠤᠭ ᠤᠨ ᠣᠨᠴᠠᠯᠢᠭ ᠢᠶᠠᠷ ᠪᠢᠯᠬᠠᠮ᠎ᠠ ᠠᠷᠠᠳ  ᠤᠨ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ᠂ ᠲᠣᠬᠯᠠᠯᠲᠠ᠂ ᠦᠵᠡᠭᠦᠯᠭᠡ᠂ ᠪᠣᠯᠪᠠᠰᠤᠷᠠᠯ ᠪᠠ ᠰᠣᠯᠢᠯᠴᠠᠭ᠎ᠠ ᠵᠡᠷᠭᠡ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠠᠷᠠᠳ ᠤᠨ ᠰᠣᠶᠣᠯ ᠤᠷᠠᠯᠢᠭ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠴᠢᠷᠮᠠᠶᠢᠨ ᠳᠡᠭᠡᠭᠰᠢᠯᠡᠭᠦᠯᠵᠦ ᠪᠠᠶᠢᠨ᠎ᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号