ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ | ᠤ ᠣᠷᠣᠨ ᠴᠠᠨᠠᠯᠠᠵᠦ ᠵᠢᠭᠤᠯᠴᠢᠯᠠᠬᠤ ᠠᠮᠠᠷᠠᠯᠲᠠ ᠶᠢᠨ ᠭᠠᠵᠠᠷ᠂ ᠴᠠᠰᠤ ᠮᠥᠰᠥᠨ ᠲᠠᠯᠠᠪᠠᠶ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂ ᠰᠡᠯᠡᠭᠦᠴᠡᠯ ᠵᠢᠭᠤᠯᠴᠢᠯᠠᠯ ᠤᠨ ᠵᠡᠭᠡᠯᠢ ᠲᠣᠭᠤᠷᠢᠭ | ᠵᠡᠷᠭᠡ ᠲᠠᠯᠠᠪᠤᠷ ᠭᠠᠵᠠᠷ ᠢ ᠭᠦᠢᠴᠡᠳ ᠠᠰᠢᠭᠯᠠᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠳᠬᠦᠨ ᠢ ᠶᠡᠭᠡ | ᠪᠠᠷ ᠨᠡᠭᠡᠭᠡᠨ ᠬᠥᠭᠵᠢᠭᠦᠯᠵᠦ᠂ ᠡᠯᠪᠡᠭ ᠪᠠᠶᠠᠯᠢᠭ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠨ᠂ | ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠬᠠᠯᠠᠮᠰᠢᠯ ᠠᠵᠤ ᠠᠬᠤᠢ ᠪᠣᠯᠭᠠᠨ ᠬᠤᠪᠢᠷᠠᠭᠤᠯᠬᠤ ᠶᠢ | ᠠᠬᠢᠭᠤᠯᠬᠤ ᠪᠠᠷ ᠪᠦᠭᠦ ᠣᠷᠣᠨ ᠳᠤ 25 ᠵᠤᠷᠪᠤᠰ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠣᠳᠣᠨ ᠱᠤᠭᠤᠮ | ᠭᠠᠷᠭᠠᠪᠠ᠃ | ᠮᠠᠨ ᠤ ᠣᠷᠣᠨ ᠤ ᠰᠢᠨ᠎ᠡ ᠪᠠᠷ ᠭᠠᠷᠭᠠᠭᠰᠠᠨ 25 ᠵᠤᠷᠪᠤᠰ ᠡᠪᠦᠯ ᠤᠨ ᠤᠯᠠᠷᠢᠯ ᠤᠨ ᠵᠢᠭᠤᠯᠴᠢᠯᠠᠯ ᠤᠨ | ᠰᠣᠳᠣᠨ ᠱᠤᠭᠤᠮ ᠪᠣᠯ ᠲᠤᠰ ᠲᠤᠰ ︽ᠮᠥᠩᠭᠦᠨ ᠡᠪᠦᠯ ᠤᠨ ᠤᠶᠠᠩᠭ᠎ᠠ·ᠲᠠᠩᠰᠤᠭ ᠰᠠᠶᠢᠬᠠᠨ ᠠᠷᠠᠳ ᠤᠨ ᠵᠠᠩ | ᠦᠢᠯᠡ︾ ᠬᠥᠯᠥᠨ ᠪᠤᠶᠢᠷ ᠤᠨ 3 ᠡᠳᠦᠷ ᠤᠨ ᠮᠥᠰᠥ ᠴᠠᠰᠤᠨ ᠤ ᠵᠢᠭᠤᠯᠴᠢᠯᠠᠯ᠂ ︽ᠣᠷᠣᠰ ᠮᠣᠩᠭᠤᠯ ᠤᠨ ᠵᠠᠩ | ᠦᠶᠯᠡ·ᠬᠢᠯᠢ ᠬᠢᠵᠠᠭᠠᠷ ᠤᠨ ᠣᠶᠢᠯᠠᠭᠠᠯᠲᠠ︾ ᠬᠥᠯᠥᠨ ᠪᠤᠶᠢᠷ ᠤᠨ 4 ᠡᠳᠦᠷ ᠤᠨ ᠮᠥᠰᠥ ᠴᠠᠰᠤᠨ ᠤ ᠵᠢᠭᠤᠯᠴᠢᠯᠠᠯ᠂ | ︽ᠬᠥᠯᠥᠨ ᠪᠤᠶᠢᠷ ᠨᠡᠷᠡᠮᠵᠢᠲᠦ︾ ᠲᠠᠯ᠎ᠠ ᠨᠤᠲᠤᠭ ᠣᠶ ᠰᠢᠭᠤᠢ ᠶᠢᠨ ᠵᠢᠭᠤᠯᠴᠢᠯᠠᠯ ᠤᠨ ᠭᠠᠯᠲᠤ ᠲᠡᠷᠭᠡᠨ ᠤ 4 ᠡᠳᠦᠷ | ᠤᠨ ᠵᠢᠭᠤᠯᠴᠢᠯᠠᠯ᠂ ︽ᠠᠭᠤᠯᠠ ᠪᠠᠷ ᠢᠶᠠᠨ ᠬᠥᠷᠰᠢᠯᠡᠵᠦ ᠤᠰᠤ ᠪᠠᠷ ᠢᠶᠠᠨ ᠬᠤᠯᠪᠣᠯᠳᠤᠭᠰᠠᠨ︾ ᠳᠤᠮᠳᠠᠳᠤ ᠮᠣᠩᠭᠤᠯ | ᠤᠨ ᠬᠢᠯᠢ ᠠᠯᠤᠰᠯᠠᠭᠰᠠᠨ ᠵᠠᠩ ᠦᠶᠯᠡ ᠶᠢ ᠪᠡᠶᠡᠴᠢᠯᠡᠨ ᠣᠶᠢᠯᠠᠭᠠᠬᠤ 5 ᠡᠳᠦᠷ ᠤᠨ ᠵᠢᠭᠤᠯᠴᠢᠯᠠᠯ᠂ ︽ᠮᠥᠰᠥ | ᠴᠠᠰᠤᠨ ᠳᠤ ᠲᠣᠭᠯᠠᠶ᠎ᠠ ᠶᠡᠭᠡ ᠬᠢᠩᠭᠠᠨ ᠳᠠᠪᠠᠭ᠎ᠠ ᠶᠢ ᠳᠤᠭᠤᠯᠤᠶᠠ︾ ᠮᠥᠰᠥ ᠴᠠᠰᠤᠨ ᠤ ᠠᠶᠠᠯᠠᠯ ᠬᠥᠯᠥᠨ ᠪᠤᠶᠢᠷ ᠤᠨ | 6 ᠡᠳᠦᠷ ᠤᠨ ᠵᠢᠭᠤᠯᠴᠢᠯᠠᠯ᠂ ︽ᠲᠡᠦᠬᠡ ᠶᠢᠨ ᠳᠤᠷᠠᠳᠬᠠᠯ·ᠬᠤᠪᠢᠰᠬᠠᠯ ᠤᠨ ᠤᠯᠠᠮᠵᠢᠯᠠᠯ︾ ᠬᠥᠯᠥᠨ ᠪᠤᠶᠢᠷ ᠤᠨ | ᠬᠤᠪᠢᠰᠬᠠᠯ ᠤᠨ ᠬᠥᠮᠦᠵᠢᠯ ᠤᠨ 6 ᠡᠳᠦᠷ ᠤᠨ ᠵᠢᠭᠤᠯᠴᠢᠯᠠᠯ᠂ ︽ᠬᠠᠮᠤᠭ ᠤᠨ ᠭᠤᠶᠣ 331︾ ᠬᠢᠯᠢ ᠳᠠᠭᠠᠤ ᠬᠤᠪᠢ | ᠶᠢᠨ ᠮᠠᠰᠢᠨ ᠲᠡᠷᠭᠡ ᠪᠠᠷ ᠵᠤᠭᠠᠴᠠᠬᠤ 6 ᠡᠳᠦᠷ ᠤᠨ ᠵᠢᠭᠤᠯᠴᠢᠯᠠᠯ᠂︽ᠤᠮᠠᠷ᠎ᠠ ᠶᠢ ᠴᠢᠭᠯᠡᠭᠰᠡᠨ ᠠᠶᠠᠯᠠᠯ·ᠬᠦᠢᠲᠡᠨ ᠤ | ᠲᠤᠶᠢᠯ ᠤᠨ ᠥᠷᠢᠰᠦᠯᠳᠦᠭᠡᠨ︾ ᠮᠥᠰᠥ ᠴᠠᠰᠤᠨ ᠤ ᠠᠶᠠᠯᠠᠯ ᠬᠥᠯᠥᠨ ᠪᠤᠶᠢᠷ ᠤᠨ 6 ᠡᠳᠦᠷ ᠤᠨ ᠵᠢᠭᠤᠯᠴᠢᠯᠠᠯ᠂ | ︽ᠳᠤᠮᠳᠠᠳᠤ ᠳᠣᠷᠣᠨᠠᠲᠤ ᠶᠢᠨ ᠲᠡᠮᠦᠷ ᠵᠠᠮ·ᠴᠠᠭ ᠣᠷᠣᠨ ᠵᠠᠢ ᠶᠢ ᠲᠤᠭᠤᠯᠤᠬᠰᠠᠠ ᠠᠶᠠᠯᠠᠯ︾ ᠬᠥᠯᠥᠨ ᠪᠤᠶᠢᠷ ᠤᠨ | ᠲᠡᠦᠬᠡ ᠶᠢᠨ ᠤᠯᠠ ᠮᠥᠷ ᠢ ᠬᠠᠶᠢᠬᠤ 6 ᠡᠳᠦᠷ ᠤᠨ ᠵᠢᠭᠤᠯᠴᠢᠯᠠᠯ᠂ ︽ᠬᠢᠩᠭᠠᠨ ᠣᠷᠭᠢᠯ·ᠮᠥᠰᠥ ᠴᠠᠰᠤᠲᠤ | ᠪᠠᠷᠲᠠᠭᠠᠲᠤ ᠵᠠᠮ︾ ᠬᠢᠩᠭᠠᠨ ᠳᠠᠪᠠᠭᠠᠨ ᠤ 7 ᠡᠳᠦᠷ ᠤᠨ ᠠᠶᠠᠯᠠᠯ᠂ ︽ᠴᠠᠰᠤᠲᠤ ᠲᠠᠯ᠎ᠠ·ᠳᠠᠩᠰᠤᠭ ᠵᠠᠩᠰᠢᠯ︾ ᠬᠥᠯᠥᠨ | ᠪᠤᠶᠢᠷ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ 8 ᠡᠳᠦᠷ ᠤᠨ ᠵᠢᠭᠤᠯᠴᠢᠯᠠᠯ᠂ | ᠳᠤᠮᠳᠠᠳᠤ ᠣᠷᠣᠰ ᠤᠨ ︽ᠮᠥᠰᠥ ᠴᠠᠰᠤᠨ ᠤ ᠲᠣᠷᠭᠠᠨ ᠵᠠᠮ·ᠬᠤᠣᠰ ᠲᠤᠶᠢᠯ ᠤᠨ ᠥᠷᠢᠰᠦᠯᠳᠦᠭᠡᠨ︾ ᠬᠢᠯᠢ | ᠠᠯᠤᠰᠯᠠᠭᠰᠠᠨ ᠬᠦᠢᠲᠡᠨ ᠤ ᠲᠤᠶᠢᠯ ᠢ ᠪᠡᠶᠡᠴᠢᠯᠡᠨ ᠣᠶᠢᠯᠠᠭᠠᠬᠤ 10 ᠡᠳᠦᠷ ᠤᠨ ᠵᠢᠭᠤᠯᠴᠢᠯᠠᠯ᠂ ᠤᠯᠠᠭᠠᠨᠬᠠᠳᠠ ᠶᠢᠨ | ᠡᠯᠡᠰᠦᠨ ᠴᠥᠯ ᠤᠨ ᠬᠡᠭᠡᠷᠡᠯᠡᠨ ᠠᠶᠠᠯᠠᠬᠤ 3 ᠡᠳᠦᠷ ᠤᠨ ᠵᠢᠭᠤᠯᠴᠢᠯᠠᠯ᠂ ᠡᠪᠦᠯ ᠤᠨ ᠤᠯᠠᠷᠢᠯ ᠤᠨ ᠭᠡᠷᠡᠯ ᠵᠢᠷᠤᠭ | ᠠᠪᠬᠤ 5 ᠡᠳᠦᠷ ᠤᠨ ᠵᠢᠭᠤᠯᠴᠢᠯᠠᠯ᠂ ᠡᠪᠦᠯ ᠤᠨ ᠠᠩᠨᠠᠯ ᠤᠨ ᠨᠠᠶᠢᠷ ᠢ ᠪᠡᠶᠡᠴᠢᠯᠡᠨ ᠣᠶᠢᠯᠠᠭᠠᠬᠤ 3 ᠡᠳᠦᠷ ᠤᠨ | ᠵᠢᠭᠤᠯᠴᠢᠯᠠᠯ᠂ ︽ᠷᠣᠮᠠᠨᠲ᠋ᠢᠭ ᠭᠦᠭᠡᠬᠤᠲᠠ·ᠵᠡᠭᠦᠳᠦ ᠵᠡᠷᠭᠡᠯᠭᠡᠨᠲᠦ ᠮᠥᠰᠥ ᠴᠠᠰᠤ︾ 3 ᠡᠳᠦᠷ ᠤᠨ ᠵᠢᠭᠤᠯᠴᠢᠯᠠᠯ᠂ | ᠲᠦᠩᠯᠢᠶᠣᠣ ᠬᠤᠳᠠ ᠶᠢᠨ ᠬᠤᠷᠴᠢᠨ ᠤ ᠦᠵᠡᠮᠵᠢ ᠶᠢᠨ ᠶᠡᠭᠡ ᠵᠠᠮ ᠤᠨ ᠮᠥᠰᠥ ᠴᠠᠰᠤᠨ ᠤ 3 ᠡᠳᠦᠷ ᠤᠨ | ᠵᠢᠭᠤᠯᠴᠢᠯᠠᠯ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠬᠠᠶᠢᠬᠤ 3 ᠡᠳᠦᠷ ᠤᠨ ᠵᠢᠭᠤᠯᠴᠢᠯᠠᠯ᠂ | ᠤᠯᠠᠭᠠᠨᠴᠠᠪ ᠤᠨ ᠮᠥᠰᠥ ᠴᠠᠰᠤᠨ ᠤ ᠡᠷᠡᠭᠦᠯᠵᠢᠯ ᠰᠤᠪᠢᠯᠠᠯᠲᠠ ᠶᠢᠨ 3 ᠡᠳᠦᠷ ᠤᠨ ᠵᠢᠭᠤᠯᠴᠢᠯᠠᠯ᠂ ︽ᠪᠠᠶᠠᠰᠤᠯᠳᠤ | ᠭᠡᠷ ᠪᠦᠯᠢ︾ 5 ᠡᠳᠦᠷ ᠤᠨ ᠮᠥᠰᠥ ᠴᠠᠰᠤᠨ ᠤ ᠰᠣᠶᠣᠯ ᠤᠨ ᠵᠢᠭᠤᠯᠴᠢᠯᠠᠯ᠂ ᠬᠤᠪᠢᠰᠬᠠᠯ ᠤᠨ ᠰᠣᠶᠣᠯ ᠢ | ᠰᠤᠳᠤᠯᠤᠨ ᠰᠤᠷᠤᠯᠴᠠᠵᠦ ᠪᠡᠶᠡᠴᠢᠯᠡᠨ ᠣᠶᠢᠯᠠᠭᠠᠬᠤ 3 ᠡᠳᠦᠷ ᠤᠨ ᠵᠢᠭᠤᠯᠴᠢᠯᠠᠯ᠂ ᠰᠢᠯᠢ ᠶᠢᠨ ᠭᠤᠣᠯ ᠤᠨ ᠴᠠᠰᠤᠲᠤ | ᠲᠠᠯ᠎ᠠ ᠶᠢ ᠲᠤᠭᠤᠯᠬᠤ 3 ᠡᠳᠦᠷ ᠤᠨ ᠵᠢᠭᠤᠯᠴᠢᠯᠠᠯ᠂ ᠦᠬᠠᠢ ᠶᠢᠨ ︽ᠬᠠᠲᠤᠨ ᠭᠤᠣᠯ ᠤᠨ ᠮᠠᠭᠲᠠᠭᠠᠯ·ᠠᠮᠲᠠᠲᠤ | ᠳᠠᠷᠠᠰᠤ︾ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠰᠢᠷᠢᠰ ᠭᠤᠣᠯ ᠰᠡᠳᠦᠪᠲᠦ ᠵᠢᠭᠤᠯᠴᠢᠯᠠᠯ᠂ | ᠠᠯᠠᠱᠠ ᠶᠢᠨ ᠡᠯᠡᠰᠦᠨ ᠴᠦᠯ ᠤᠨ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠡᠪᠦᠯ ᠤᠨ ᠤᠯᠠᠷᠢᠯ ᠤᠨ | ᠮᠢᠩᠭᠠᠨ ᠭᠠᠵᠠᠷ ᠤᠨ ᠬᠤᠪᠢ ᠶᠢᠨ ᠮᠠᠰᠢᠨ ᠲᠡᠷᠭᠡ ᠪᠠᠷ ᠵᠤᠭᠠᠴᠠᠬᠤ 5 ᠡᠳᠦᠷ ᠤᠨ ᠵᠢᠭᠤᠯᠴᠢᠯᠠᠯ᠂ ᠡᠷᠢᠶᠡᠨ ᠬᠤᠲᠠ | ᠶᠢᠨ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠡᠪᠦᠯ ᠤᠨ ᠤᠯᠠᠷᠢᠯ ᠤᠨ ᠠᠪᠠ ᠠᠩᠨᠠᠯ ᠤᠨ 7 ᠡᠳᠦᠷ ᠤᠨ | ᠵᠢᠭᠤᠯᠴᠢᠯᠠᠯ ᠤᠨ ᠱᠤᠭᠤᠮ ᠪᠣᠯᠣᠨ᠎ᠠ᠃ | | |