ᠱᠠᠩᠳᠠ ᠪᠠᠯᠭᠠᠰᠤ᠄ ᠨᠠᠮ ᠤᠨ ᠪᠠᠶᠢᠭᠤᠯᠤᠯᠲᠠ ᠬᠦᠭᠵᠢᠯᠲᠡ ᠶᠢᠨ ᠵᠠᠮ ᠳᠤ ᠰᠠᠭᠤᠷᠢᠯᠠᠵᠤ᠂ ᠮᠥᠭᠦ ᠲᠠᠷᠢᠬᠤ ᠦᠢᠯᠡᠰ ︽ᠪᠠᠶᠠᠵᠢᠯ ᠤᠨ ᠰᠢᠬᠦᠷ︾ ᠢ ᠳᠡᠯᠭᠡᠪᠡ
ᠨᠡᠶᠢᠲᠡᠯᠡᠭᠰᠡᠨ ᠴᠠᠭ᠄
2023/11/6
     ᠨᠠᠮᠤᠷ ᠤᠨ ᠰᠡᠭᠦᠯᠴᠢ ᠪᠣᠯᠬᠤ ᠳᠤ᠂ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤᠨ ᠤ ᠮᠥᠭᠦ ᠲᠠᠷᠢᠬᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠳᠤ᠂ ᠮᠦᠬᠦ  ᠲᠡᠷᠢ ᠲᠡᠭᠰᠢ ᠵᠢᠭᠳᠡᠷᠡᠵᠦ᠂ ᠬᠡᠰᠡᠭ ᠬᠡᠰᠡᠭ ᠰᠣᠷᠭᠤᠭ ᠵᠥᠭᠡᠯᠡᠨ ᠦᠨᠦᠷᠲᠦ ᠮᠥᠭᠦ ᠴᠤᠬᠤᠶᠢᠨ ᠭᠠᠷᠴᠤ᠂ ᠤᠷᠭᠤᠯᠲᠠ ᠶᠢᠨ ᠪᠠᠶᠢᠳᠠᠯ ᠬᠥᠮᠥᠨ ᠢ ᠪᠠᠶᠠᠷᠯᠠᠭᠤᠯᠤᠮ᠎ᠠ ᠪᠠᠶᠢᠵᠤ᠂ ᠠᠵᠢᠯᠲᠠᠳ ᠰᠢᠨ᠎ᠡ ᠰᠣᠷᠭᠤᠭ ᠦᠨᠦᠷᠲᠦ ᠮᠥᠭᠦ ᠶᠢ ᠲᠡᠭᠦᠬᠦ ᠪᠠᠷ ᠶᠠᠭᠠᠷᠠᠯᠳᠤᠵᠤ ᠪᠠᠶᠢᠯ᠎ᠠ᠃ ᠲᠡᠭᠦᠬᠦ᠂ ᠬᠠᠶᠢᠷᠴᠠᠭᠯᠠᠬᠤ᠂ ᠵᠥᠭᠡᠭᠡᠪᠦᠷᠢᠯᠡᠬᠦ᠂ ᠲᠤᠬᠠᠢ ᠶᠢᠨ ᠲᠠᠯᠠᠪᠤᠷ ᠲᠤ ᠨᠢᠭᠡ ᠪᠦᠯᠦᠭ ᠶᠠᠭᠠᠷᠠᠯᠳᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ᠂ ᠠᠵᠤ ᠦᠢᠯᠡᠰ ᠢᠶᠠᠷ ᠰᠠᠭᠤᠷᠢ ᠪᠣᠯᠭᠠᠬᠤ ᠬᠡᠷᠡᠭᠲᠡᠢ᠃     ᠣᠶᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤᠨ ᠤ ᠬᠢᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠵᠠᠭᠪᠤᠷ ᠢ ᠲᠠᠰᠤᠷᠠᠯᠲᠠ ᠦᠭᠡᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠭᠠᠷᠳᠠᠴᠠ ᠪᠣᠯᠭᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠠᠢ ᠤᠶᠠᠯᠳᠤᠭᠤᠯᠵᠤ᠂ ︽ᠠᠵᠤ ᠦᠢᠯᠡᠰ ᠢ ᠬᠥᠭᠵᠢᠭᠦᠯᠬᠦ᠂ ᠮᠡᠷᠭᠡᠵᠢᠯ ᠢ ᠠᠭᠤᠰᠤᠯᠴᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ︾ᠵᠠᠷᠴᠢᠮ ᠶᠣᠰᠣᠭᠠᠷ᠂ ᠱᠠᠩᠳᠠ ᠪᠠᠯᠭᠠᠰᠤᠨ ᠳᠤ ᠨᠠᠮ ᠤᠨ ᠪᠠᠶᠢᠭᠤᠯᠤᠯᠲᠠ ᠪᠠᠷ ᠮᠥᠭᠦ ᠲᠠᠷᠢᠬᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠠᠮᠲᠤ ᠶᠢᠨ ᠴᠣᠭᠴᠠ ᠶᠢ ᠪᠠᠶᠢᠭᠤᠯᠵᠤ᠂ 9 ᠨᠠᠮ ᠤᠨ ᠵᠣᠬᠢᠶᠠᠨ ᠪᠠᠶᠢᠭᠤᠯᠤᠯᠲᠠ ᠠᠴᠠ ᠬᠠᠮᠲᠤᠷᠠᠨ ᠪᠠᠶᠢᠭᠤᠯᠵᠤ ᠬᠠᠮᠲᠤᠪᠠᠷ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠮᠥᠭᠦ ᠲᠠᠷᠢᠬᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠢ ᠬᠠᠮᠲᠤᠪᠠᠷ ᠴᠣᠭᠴᠠᠯᠠᠪᠠ᠃ ᠲᠣᠰ ᠰᠠᠭᠤᠷᠢᠨ ᠭᠠᠵᠠᠷ ᠨᠢ ︽ᠬᠤᠷᠰᠢᠶ᠎ᠠ + ᠰᠠᠭᠤᠷᠢᠨ ᠭᠠᠵᠠᠷ + ᠲᠣᠰᠬᠤᠨ ᠤ ᠬᠠᠮᠲᠤ ᠨᠡᠶᠢᠲᠡ + ᠲᠠᠷᠢᠶᠠᠴᠢᠨ ᠡᠷᠦᠬᠡ︾ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠠᠮᠤᠭ ᠤᠨ ᠲᠦᠷᠦᠭᠦᠨ ᠳᠤ ᠨᠡᠶᠢᠭᠡᠮ ᠤᠨ ᠪᠡᠯᠡ ᠮᠥᠩᠭᠦ ᠶᠢ ᠣᠷᠣᠭᠤᠯᠤᠨ ᠲᠣᠮᠣ ᠫᠧᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠠᠪᠠᠭᠤᠯᠢᠭ ᠣᠨᠴᠠᠯᠢᠭᠲᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠥᠭᠵᠢᠯᠲᠡ ᠶᠢᠨ ᠪᠡᠯᠡ ᠮᠥᠩᠭᠦ ᠶᠢ ᠣᠯᠬᠤ ᠪᠠᠷ ᠴᠢᠷᠮᠠᠶᠢᠨ᠎ᠠ᠃ ᠪᠠᠯᠭᠠᠰᠤᠨ ᠤ ᠨᠠᠮ ᠤᠨ ᠬᠤᠷᠢᠶ᠎ᠠ ᠳᠤ ᠬᠦᠷᠴᠦ ᠠᠩᠭᠢ ᠳᠠᠭᠠᠭᠤᠯᠤᠨ ᠭᠠᠷᠴᠤ ᠮᠥᠭᠦ ᠳᠠᠷᠢᠬᠤ ᠮᠡᠷᠭᠡᠵᠢᠯ ᠪᠠ ᠪᠠᠺᠲ᠋ᠧᠷᠢ ᠪᠣᠶᠢᠵᠢᠭᠤᠯᠬᠤ ᠮᠡᠷᠭᠡᠵᠢᠯ ᠢ ᠰᠢᠨᠵᠢᠯᠡᠨ ᠪᠠᠶᠢᠴᠠᠭᠠᠵᠤ ᠰᠤᠷᠤᠯᠴᠠᠵᠤ ᠂ ᠰᠠᠭᠤᠷᠢᠨ ᠭᠠᠵᠠᠷ ᠤᠨ ᠭᠠᠷᠤᠯᠲᠠ ᠪᠠ ᠮᠥᠭᠦ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ ᠃ ᠳᠠᠬᠢᠭᠠᠳ ᠲᠥᠪ ᠠᠴᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠡᠯᠡ ᠮᠥᠩᠭᠦ ᠶᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠴᠢᠷᠮᠠᠶᠢᠬᠤ᠂ ᠪᠠᠺᠲ᠋ᠧᠷᠢ ᠪᠣᠶᠢᠵᠢᠭᠤᠯᠬᠤ ᠰᠠᠷᠠᠪᠴᠢ᠂ ᠬᠦᠢᠲᠡᠨ ᠬᠥᠮᠥᠷᠭᠡ ᠶᠢ ᠰᠢᠨ᠎ᠡ ᠪᠠᠷ ᠪᠠᠶᠢᠭᠤᠯᠬᠤ᠂ ᠲᠤᠭ᠎ᠠ ᠬᠡᠮᠵᠢᠶ᠎ᠡ ᠶᠢ ᠡᠵᠡᠮᠳᠡᠬᠦ ᠪᠠᠺᠲ᠋ᠧᠷᠢ ᠶᠢᠨ ᠰᠢᠳᠠᠮ ᠢ ᠤᠭᠤᠲᠠᠯᠠᠬᠤ ᠮᠠᠰᠢᠨ᠂ ᠢᠳᠡᠭᠡᠨ ᠤ ᠪᠠᠺᠲ᠋ᠧᠷᠢ ᠶᠢ ᠤᠭᠤᠲᠠᠯᠠᠬᠤ ᠴᠤᠪᠤᠷᠠᠯ ᠱᠤᠭᠤᠮ᠂ ᠪᠠᠺᠲ᠋ᠧᠷᠢ ᠶᠢᠨ ᠤᠭᠤᠲᠠ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠠᠺᠲ᠋ᠧᠷᠢ ᠤᠰᠠᠳᠬᠠᠬᠤ ᠠᠪᠳᠠᠷ᠎ᠠ᠂ ᠰᠢᠲᠠᠭᠠᠬᠤ ᠶᠢ ᠡᠰᠡᠷᠭᠦᠴᠡᠬᠦ ᠬᠡᠶᠢᠵᠢᠭᠦᠯᠬᠦ ᠪᠠᠺᠲᠷᠢ ᠤᠰᠠᠳᠬᠠᠬᠤ ᠵᠤᠤᠬ᠎ᠠ᠂ ᠦᠨᠦᠷᠲᠦ ᠮᠥᠭᠦ ᠶᠢ ᠬᠠᠲᠠᠭᠠᠬᠤ ᠮᠠᠰᠢᠨ ᠵᠡᠷᠭᠡ ᠲᠥᠬᠦᠭᠡᠷᠦᠮᠵᠢ ᠶᠢ ᠬᠤᠳᠠᠯᠳᠤᠨ ᠣᠷᠣᠭᠤᠯᠬᠤ᠂ ᠪᠠᠺᠲ᠋ᠧᠷᠢ ᠶᠢ ᠳᠠᠷᠢᠬᠤ  ᠠᠴᠠ ᠪᠣᠷᠣᠯᠠᠭᠤᠯᠬᠤ ᠬᠦᠷᠲᠡᠯᠡᠬᠢ ︽ᠪᠦᠷᠢᠨ ᠳᠠᠭᠠᠭᠠᠴᠢᠯᠠᠯᠲᠠ︾ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠨᠢᠭᠡᠳᠦᠯᠲᠡᠢ ᠡᠭᠦᠯᠳᠡᠷ ᠬᠠᠩᠭᠠᠬᠤ᠂ ᠨᠢᠭᠡᠳᠦᠯᠲᠡᠢ ᠪᠠᠷᠢᠮᠵᠢᠶ᠎ᠠ ᠲᠣᠭᠲᠠᠭᠠᠬᠤ᠂ ᠨᠢᠭᠡᠳᠦᠯᠲᠡᠢ ᠬᠤᠳᠠᠯᠳᠤᠨ ᠠᠪᠬᠤ᠂ ᠨᠢᠭᠡᠳᠦᠯᠲᠡᠢ ᠪᠣᠷᠣᠯᠠᠭᠤᠯᠬᠤ ᠶᠢ ᠪᠡᠶᠡᠯᠡᠭᠦᠯᠪᠡ᠃ ᠣᠳᠣᠬᠠᠨ ᠳᠤ᠂ ᠱᠠᠩᠳᠠ ᠪᠠᠯᠭᠠᠰᠤ ᠨᠢᠭᠡᠨᠲᠡ 160 ᠰᠠᠭᠤᠷᠢ ᠮᠦᠬᠦ ᠶᠢᠨ ᠬᠦᠯᠡᠮᠵᠢ᠂ 6 ᠰᠠᠭᠤᠷᠢ ᠬᠦᠢᠲᠡᠨ ᠬᠥᠮᠥᠷᠭᠡ ᠨᠡᠶᠢᠳᠡ 400 ᠲᠡᠭᠰᠢ ᠳᠥᠷᠪᠡᠯᠵᠢᠨ ᠮᠧᠲᠷ᠂ 3 ᠵᠤᠷᠪᠤᠰ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠤᠨ ᠲᠥᠬᠦᠭᠡᠷᠦᠮᠵᠢ ︵ᠱᠤᠭᠤᠮ︶ ᠶᠢ ᠪᠠᠶᠢᠭᠤᠯᠤᠭᠰᠠᠨ ᠪᠥᠭᠡᠳ ᠱᠠᠩᠳᠠᠢ ᠲᠣᠰᠬᠤᠨ᠂ ᠲᠣᠰᠬᠤᠨ ᠤ ᠮᠦᠬᠦ ᠶᠢᠨ ᠰᠠᠭᠤᠷᠢᠨ ᠢ ᠨᠡᠶᠢᠲᠡᠯᠡᠬᠦ ᠪᠠᠷ ᠭᠤᠣᠯ ᠪᠣᠯᠭᠠᠵᠤ᠂ ᠮᠦᠬᠦ ᠶᠢᠨ ᠲᠠᠷᠢᠮᠠᠯ ᠤᠨ ᠲᠤᠷᠰᠢᠯᠭ᠎ᠠ ᠶᠢ ᠡᠷᠬᠢᠨ ᠲᠣᠭᠤᠷᠢᠨ ᠤ ᠲᠣᠰᠬᠤᠨ ᠳᠤ ᠳᠡᠯᠭᠡᠷᠡᠭᠦᠯᠵᠦ᠂ ︽ᠬᠦᠴᠦᠷᠬᠡᠭ ᠢᠶᠠᠷ ᠪᠠᠭᠤᠷᠠᠢ ᠶᠢ ᠳᠠᠶᠢᠴᠢᠯᠠᠬᠤ᠂ ᠪᠥᠭᠡᠮᠨᠡᠷᠡᠨ ᠬᠥᠭᠵᠢᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ︾ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠪᠦᠷᠢᠯᠳᠦᠭᠦᠯᠵᠡᠢ᠃ ᠡᠨᠡ ᠵᠢᠯ᠂ ᠪᠥᠬᠦ ᠪᠠᠯᠭᠠᠰᠤᠨ ᠤ ᠮᠥᠭᠦ ᠳᠠᠷᠢᠬᠤ ᠰᠠᠭᠤᠷᠢᠨ ᠭᠠᠵᠠᠷ 70 ᠲᠦᠮᠡ ᠰᠢᠬᠠᠮ ᠮᠦᠬᠦ ᠶᠢᠨ ᠰᠢᠳᠠᠮ ᠢ ᠦᠢᠯᠡᠳᠴᠦ᠂ 130 ᠲᠦᠮᠡᠨ ᠵᠢᠩ ᠰᠢᠨ᠎ᠡ ᠦᠨᠦᠷᠲᠦ ᠮᠥᠭᠦ ᠦᠢᠯᠡᠳᠪᠦᠷᠢᠯᠡᠵᠦ᠂ ᠦᠢᠯᠡᠳᠬᠦᠨ ᠤ ᠥᠷᠲᠡᠭ ᠨᠢ 450 ᠲᠦᠮᠡᠨ ᠲᠥᠭᠦᠷᠢᠭ ᠲᠤ ᠬᠦᠷᠴᠡᠢ᠃ 
 
ᠢᠷᠡᠯᠲᠡ᠄ ᠱᠠᠩᠳᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号