ᠲᠦᠮᠡᠳ ᠵᠡᠭᠦᠨ ᠬᠤᠰᠢᠭᠤᠨ ᠤ ᠬᠢᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠭᠤᠣᠯ ᠰᠡᠳᠦᠪᠲᠦ ᠬᠥᠮᠦᠵᠢᠯ ᠢ ᠥᠷᠨᠢᠭᠦᠯᠵᠡᠢ
ᠨᠡᠶᠢᠲᠡᠯᠡᠭᠰᠡᠨ ᠴᠠᠭ᠄
2023/11/6
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠪᠦᠬᠦ ᠬᠤᠰᠢᠭᠤᠨ ᠤ ᠭᠤᠣᠯ ᠰᠡᠳᠦᠪᠲᠦ ᠬᠥᠮᠦᠵᠢᠯ ᠤᠨ ᠠᠵᠢᠯ ᠢ ᠲᠦᠷᠭᠡᠨ ᠡᠬᠢᠯᠡᠭᠦᠯᠵᠦ᠂︽ᠦᠵᠡᠯ ᠰᠠᠨᠠᠭ᠎ᠠ ᠶᠢ ᠰᠤᠷᠤᠯᠴᠠᠬᠤ︾ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠨ ᠲᠤᠤᠱᠯᠠᠭᠤᠯᠵᠤ᠂ ᠰᠤᠷᠤᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠠᠢ᠃     ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠤᠨᠤᠯ ᠢᠶᠠᠷ ᠵᠡᠪᠰᠡᠭᠯᠡᠬᠦ ᠶᠢ ᠨᠡᠩ ᠴᠢᠬᠤᠯᠠᠴᠢᠯᠠᠬᠤ ᠬᠡᠷᠡᠭᠲᠡᠢ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠦᠵᠡᠯ ᠰᠠᠨᠠᠭ᠎ᠠ ᠰᠤᠷᠤᠯᠴᠠᠬᠤ︾ ᠶᠢ ᠲᠡᠷᠢᠭᠦᠨ ᠴᠢᠬᠤᠯᠠ ᠡᠭᠦᠷᠭᠡ ᠪᠣᠯᠭᠠᠨ ᠢᠮᠠᠭᠲᠠ ᠲᠤᠤᠱᠯᠠᠭᠤᠯᠵᠤ᠂ ᠤᠭ ᠵᠣᠬᠢᠶᠠᠯ ᠢ ᠨᠢ ᠤᠩᠰᠢᠵᠤ ᠤᠭ ᠵᠣᠬᠢᠶᠠᠯ ᠢ ᠨᠢ ᠰᠤᠷᠴᠤ ᠤᠭ ᠶᠣᠰᠣ ᠶᠢ ᠨᠢ ᠤᠬᠠᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠴᠢᠶᠠᠯᠠᠪᠤᠷᠢ ᠳᠤ ᠲᠦᠰᠢᠭᠯᠡᠨ᠂ ᠤᠬᠠᠭᠤᠯᠤᠨ ᠲᠠᠶᠢᠯᠪᠤᠷᠢᠯᠠᠵᠤ ᠲᠠᠶᠢᠯᠪᠤᠷᠢᠯᠠᠬᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠣᠯᠣᠯᠲᠠ ᠲᠥᠷᠥᠭᠳᠡᠯ ᠢᠶᠠᠨ ᠬᠤᠪᠢᠶᠠᠯᠴᠠᠬᠤ ᠵᠡᠷᠭᠡ ᠪᠦᠲᠦᠮᠵᠢᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠠᠮᠴᠢ ᠴᠢᠨᠠᠷ ᠢᠶᠠᠨ ᠳᠡᠭᠡᠭᠰᠢᠯᠡᠭᠦᠯᠬᠦ᠂ ᠴᠢᠳᠠᠪᠤᠷᠢ ᠪᠠᠨ ᠳᠡᠭᠡᠭᠰᠢᠯᠡᠭᠦᠯᠬᠦ᠂ ᠰᠤᠷᠲᠠᠯ ᠢᠶᠠᠨ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠳᠡᠭᠡᠷ᠎ᠡ ᠦᠨᠡᠨᠬᠦ ᠢᠯᠡᠷᠡᠭᠦᠯᠬᠦ ᠬᠡᠷᠡᠭᠲᠡᠢ᠃ ᠬᠤᠰᠢᠭᠤᠨ ᠲᠠᠰ ᠤᠨ ᠳᠠᠪᠬᠤᠷᠭ᠎ᠠ  ᠠᠴᠠ 2 ᠬᠤᠭᠤᠴᠠᠭ᠎ᠠ ᠨᠣᠮ ᠤᠩᠰᠢᠬᠤ ᠠᠩᠭᠢ ᠡᠷᠭᠢᠯᠡᠵᠦ᠂ 3 ᠤᠳᠠᠭ᠎ᠠ ᠭᠤᠣᠯ ᠳᠤᠭᠤᠶᠢᠯᠠᠩ ᠤᠨ ᠰᠤᠷᠤᠯᠴᠠᠯᠭ᠎ᠠ ᠬᠢᠵᠦ᠂ 32 ᠬᠤᠰᠢᠭᠤᠨ ᠲᠠᠰ ᠤᠨ ᠤᠳᠤᠷᠢᠳᠤᠯᠭ᠎ᠠ ᠴᠥᠮ ᠨᠠᠮ ᠤᠨ ᠬᠢᠴᠢᠶᠡᠯ ᠣᠷᠣᠪᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠳᠠᠮᠵᠢᠭᠤᠯᠤᠨ᠂ ᠤᠨᠤᠯ ᠤᠨ ᠰᠤᠷᠤᠯᠴᠠᠯᠭ᠎ᠠ ᠶᠢ 1900 ᠭᠠᠷᠤᠢ ᠤᠳᠠᠭ᠎ᠠ ᠥᠷᠨᠢᠭᠦᠯᠪᠡ᠃     ᠰᠢᠨ᠎ᠡ ᠶᠢ ᠡᠷᠢᠯᠬᠢᠯᠡᠵᠦ᠂ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠪᠡ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠦᠮᠡᠳ ᠵᠡᠭᠦᠨ ᠬᠤᠰᠢᠭᠤ ᠶᠢᠨ  ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠲᠤᠪᠤᠶᠢᠯᠭᠠᠵᠦ᠂ ᠦᠷ᠎ᠡ ᠪᠦᠲᠦᠭᠡᠯ ᠢ ᠬᠤᠪᠢᠷᠠᠭᠤᠯᠬᠤ ᠶᠢ ᠲᠤᠪᠤᠶᠢᠯᠭᠠᠵᠦ᠂ ᠪᠠᠶᠢᠴᠠᠭᠠᠨ ᠰᠤᠳᠤᠯᠤᠯᠲᠠ ᠶᠢᠨ ᠶᠠᠪᠤᠴᠠ ᠶᠢ ᠦᠨᠡᠨᠬᠦ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠶᠠᠪᠤᠴᠠ ᠪᠣᠯᠭᠠᠨ ᠬᠤᠪᠢᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠡᠯ᠎ᠡ ᠬᠤᠰᠢᠭᠤᠨ ᠤ ᠱᠠᠲᠤᠨ ᠤ ᠤᠳᠤᠷᠢᠳᠤᠯᠭ᠎ᠠ 32 ᠵᠦᠢᠯ ᠤᠨ ᠰᠤᠳᠤᠯᠭᠠᠨ ᠤ ᠰᠡᠳᠦᠪ  ᠢ ᠲᠣᠭᠲᠠᠭᠠᠵᠤ᠂ 131 ᠤᠳᠠᠭᠠᠨ ᠤ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 103 ᠠᠰᠠᠭᠤᠳᠠᠯ  ᠢ ᠢᠯᠡᠷᠡᠭᠦᠯᠵᠦ᠂ 115 ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠨ᠂ 33 ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠣᠶ ᠪᠣᠯᠭᠠᠪᠠ᠃ ᠰᠢᠶᠠᠩ ᠪᠠᠯᠭᠠᠰᠤ᠂ ᠶᠠᠮᠤᠨ ᠬᠤᠷᠢᠶ᠎ᠠ ᠠᠯᠪᠠᠨ ᠭᠡᠷ ᠲᠣᠪᠴᠢᠶ᠎ᠠ ᠬᠠᠮᠲᠤᠷᠠᠨ 138 ᠪᠠᠶᠢᠴᠠᠭᠠᠨ ᠰᠤᠳᠤᠯᠤᠯᠲᠠ ᠬᠢᠵᠦ᠂ 190 ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃     ᠪᠣᠳᠠᠲᠠᠢ ᠪᠠᠷ ᠠᠵᠢᠯᠯᠠᠵᠤ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠴᠢᠩᠭ᠎ᠠ ᠠᠳᠬᠤᠪᠠ᠃ ᠬᠤᠰᠢᠭᠤᠨ ᠲᠠᠰ ᠤᠨ ᠳᠠᠪᠬᠤᠷᠭ᠎ᠠ ᠠᠴᠠ ᠢᠯᠴᠢ ᠬᠠᠩᠭᠠᠬᠤ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠣᠩᠬᠤᠨ ᠳᠤ ᠰᠠᠭᠤᠬᠤ᠂ ᠠᠯᠬᠤᠮ ᠳᠠᠷᠠᠭ᠎ᠠ ᠪᠠᠷ ᠶᠠᠪᠤᠬᠤ᠂ ᠬᠠᠤᠯᠢ ᠬᠡᠷᠡᠭᠵᠢᠭᠦᠯᠬᠦ ᠶᠢ ᠳᠠᠭᠠᠬᠤ︾᠂ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾᠂ ︽ᠶᠡᠬᠡᠪᠡᠷ ᠰᠤᠷᠪᠤᠯᠵᠢᠯᠠᠬᠤ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 50 ᠬᠤᠪᠢ ᠪᠠᠶᠢᠭᠤᠯᠵᠤ᠂ ᠨᠢᠭᠡᠨᠲᠡ ᠪᠦᠬᠦᠨ ᠢ ᠰᠢᠢᠳᠪᠦᠷᠢᠯᠡᠵᠦ ᠳᠠᠭᠤᠰᠬᠠᠪᠠ ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠨᠲᠡ 621 ᠬᠤᠪᠢ ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ ᠢ ᠪᠡᠶᠡᠯᠡᠭᠦᠯᠵᠡᠢ᠃ ᠠᠵᠢᠯ ᠳᠤ ᠪᠠᠶᠢᠭ᠎ᠠ 2114 ᠨᠠᠮ ᠤᠨ ᠭᠡᠰᠢᠭᠦᠨ ᠪᠦᠬᠦᠨ ᠢᠶᠠᠷ ᠢᠶᠠᠨ︽ᠬᠤᠶᠠᠷ ᠲᠤ ᠨᠡᠷ᠎ᠡ ᠮᠡᠳᠡᠭᠦᠯᠵᠦ ᠬᠤᠶᠠᠷ ᠲᠤ ᠦᠢᠯᠡᠴᠢᠯᠡᠬᠦ︾᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠲᠠᠨᠢᠵᠤ ᠠᠪᠬᠤ᠂ ᠰᠡᠳᠬᠢᠴᠡ ᠶᠢ ᠲᠠᠶᠢᠳᠬᠤᠷᠠᠭᠤᠯᠤᠨ ᠵᠢᠯᠤᠭᠤᠳᠬᠤ ᠵᠡᠷᠭᠡ ᠵᠦᠢᠯᠡᠰ ᠢ 2000 ᠭᠠᠷᠤᠢ ᠵᠤᠷᠪᠤᠰ ᠪᠡᠶᠡᠯᠡᠭᠦᠯᠪᠡ᠃ 10 ᠰᠠᠷ᠎ᠠ ᠶᠢᠨ ᠬᠢ ᠶᠢ 9 ᠰᠠᠷ᠎ᠠ ᠶᠢᠨ ᠬᠢ ᠲᠠᠢ ᠬᠠᠷᠢᠴᠠᠭᠤᠯᠪᠠᠯ᠂ ᠵᠠᠬᠢᠳᠠᠯ ᠰᠣᠷᠪᠤᠯᠵᠢᠯᠠᠭ᠎ᠠ ᠶᠢᠨ ᠬᠡᠮᠵᠢᠶ᠎ᠡ 44% ᠪᠠᠷ ᠪᠠᠭᠤᠷᠠᠪᠠ᠃ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ ᠵᠠᠭᠠᠯᠳᠤᠯᠭ᠎ᠠ 6.8% ᠪᠠᠷ ᠪᠠᠭᠤᠷᠠᠪᠠ᠃ ᠪᠠᠶᠢᠴᠠᠭᠠᠨ ᠰᠤᠳᠤᠯᠤᠯᠲᠠ ᠪᠠᠷ ᠣᠯᠵᠤ ᠮᠡᠳᠡᠭᠰᠡᠨ ᠨᠢ᠂ ᠴᠠᠭᠠᠰᠤᠴᠢ ᠪᠠᠯᠭᠠᠰᠤᠨ ᠳᠤ ᠢᠯᠴᠢ ᠬᠠᠩᠭᠠᠬᠤ ᠢᠯᠴᠢ ᠶᠢᠨ ᠰᠤᠷᠪᠤᠯᠵᠢ ᠶᠢᠨ ᠬᠡᠪᠴᠢᠶ᠎ᠡ ᠪᠠᠭ᠎ᠠ᠂ ᠢᠯᠴᠢ ᠬᠠᠩᠭᠠᠬᠤ ᠰᠤᠷᠪᠤᠯᠵᠢ ᠶᠢᠨ ᠲᠠᠷᠬᠠᠯᠲᠠ ᠲᠡᠩᠴᠡᠭᠦᠷᠢ ᠦᠭᠡᠢ᠂ ᠢᠯᠴᠢ ᠬᠠᠩᠭᠠᠬᠤ ᠴᠢᠳᠠᠪᠤᠷᠢ ᠬᠦᠷᠦᠯᠴᠡᠬᠦ ᠦᠭᠡᠢ᠂ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠳᠣᠣᠷ᠎ᠠ ᠪᠠᠶᠢᠬᠤ ᠠᠰᠠᠭᠤᠳᠠᠯ ᠣᠷᠣᠰᠢᠵᠤ ᠪᠠᠶᠢᠬᠤ ᠪᠥᠭᠡᠳ ᠶᠡᠷᠦᠨᠢ ᠰᠠᠭᠤᠭᠠᠯᠢ ᠠᠷᠠᠳ ᠤᠨ ᠵᠠᠭᠠᠯᠳᠤᠯᠭ᠎ᠠ ᠶᠢᠨ ᠲᠦᠭᠵᠢᠷᠡᠯ᠂ ᠬᠠᠯᠠᠭᠤᠨ ᠴᠡᠭ᠂ ᠬᠦᠴᠢᠷ ᠠᠰᠠᠭᠤᠳᠠᠯ ᠪᠣᠯᠣᠭᠰᠠᠭᠠᠷ ᠢᠷᠡᠵᠡᠶ᠂ ᠴᠢᠨᠠᠷ ᠰᠠᠶᠢᠲᠠᠢ ᠢᠯᠴᠢ ᠶᠢᠨ ᠰᠤᠷᠪᠤᠯᠵᠢ ᠶᠢ ᠣᠷᠣᠭᠤᠯᠤᠨ ᠠᠪᠴᠢᠷᠠᠬᠤ᠂ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠣᠯ ᠳᠠᠷᠤᠢ ᠲᠦᠷᠭᠡᠨ ᠰᠢᠢᠳᠪᠦᠷᠢᠯᠡᠬᠦ ᠴᠢᠬᠤᠯᠠᠲᠠᠢ ᠠᠷᠠᠳ ᠤᠨ ᠠᠮᠢᠳᠤᠷᠠᠯ ᠳᠤ ᠬᠤᠯᠪᠣᠭᠳᠠᠬᠤ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠳᠤᠯᠠᠭᠠᠯᠭ᠎ᠠ ᠶᠢᠨ ᠵᠥᠷᠢᠴᠡᠯ ᠢ ᠪᠦᠲᠦᠮᠵᠢᠲᠡᠶ ᠰᠢᠢᠳᠪᠦᠷᠢᠯᠡᠵᠦ᠂ ᠴᠠᠰᠤᠴᠢ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠲᠦᠮᠡᠳ ᠵᠡᠭᠦᠨ ᠬᠤᠰᠢᠭᠤᠨ ᠤ ᠬᠢᠨ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ  ᠫᠷᠤᠭ᠍ᠷᠡᠮ ᠢ ᠬᠡᠷᠡᠭᠵᠢᠭᠦᠯᠵᠦ᠂ ᠵᠢᠨᠱᠠᠨ ᠴᠠᠬᠢᠯᠭᠠᠨ ᠤ ᠦᠢᠯᠡᠳᠪᠦᠷᠢ ᠶᠢᠨ ᠦᠯᠡᠳᠡᠪᠦᠷᠢ ᠢᠯᠴᠢ ᠶᠢ ᠬᠤᠷᠢᠶᠠᠨ ᠠᠪᠴᠤ ᠠᠰᠢᠭᠯᠠᠬᠤ ᠪᠠᠷ ᠳᠠᠮᠵᠢᠭᠤᠯᠤᠨ᠂ ᠴᠠᠭᠠᠰᠤᠴᠢ ᠪᠠᠯᠭᠠᠰᠤᠨ ᠳᠤ ᠣᠷᠳᠣ ᠬᠤᠭᠤᠴᠠᠭ᠎ᠠ ᠪᠠᠷ ᠳᠤᠯᠠᠭᠠᠯᠭ᠎ᠠ ᠬᠠᠩᠭᠠᠨ᠎ᠠ᠃ ᠢᠯᠠᠩᠭᠤᠶ᠎ᠠ 9 ᠳ᠋ᠦᠭᠡᠷ ᠰᠠᠷ᠎ᠠ ᠳᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤᠳᠤᠷᠢᠳᠤᠯᠭ᠎ᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ 212 ᠵᠤᠷᠪᠤᠰ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠡᠢ᠃ ᠣᠳᠣᠬᠠᠨ ᠳᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠣᠷᠳᠣ ᠬᠤᠭᠤᠴᠠᠭᠠᠨ ᠤ ᠳᠠᠮᠵᠢᠭᠤᠯᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ᠂ ᠳᠠᠷᠤᠯᠲᠠ ᠶᠢ ᠲᠤᠰᠠᠭᠠᠷᠯᠠᠬᠤ ᠥᠷᠲᠡᠭᠡ ᠶᠢᠨ ᠰᠢᠨ᠎ᠡ ᠪᠠᠷ ᠪᠠᠶᠢᠭᠤᠯᠬᠤ ᠪᠠ ᠢᠯᠴᠢ ᠡᠭᠦᠰᠬᠡᠭᠴᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠦᠬᠦᠨ ᠢ ᠪᠡᠶᠡᠯᠡᠭᠦᠯᠪᠡ᠃ ᠡᠨᠡ ᠡᠪᠦᠯ ᠤᠨ ᠳᠤᠯᠠᠭᠠᠯᠭ᠎ᠠ ᠶᠢᠨ ᠠᠵᠢᠯ ᠢ ᠨᠢᠭᠡᠨᠲᠡ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠡᠬᠢᠯᠡᠭᠦᠯᠵᠦ᠂ ᠲᠥᠬᠦᠭᠡᠷᠦᠮᠵᠢ ᠲᠥᠬᠦᠭᠡᠷᠦᠮᠵᠢ ᠶᠢᠨ ᠠᠵᠢᠯᠯᠠᠭᠠᠨ ᠬᠡᠪ ᠤᠨ ᠪᠠᠶᠢᠳᠠᠯ ᠢᠶᠠᠷ ᠶᠠᠪᠤᠭᠳᠠᠵᠠᠢ᠃ ᠡᠭᠦᠨ ᠤ ᠬᠠᠮᠲᠤ᠂ ᠴᠠᠭᠠᠰᠤᠴᠢ ᠪᠠᠯᠭᠠᠰᠤᠨ ᠤ ᠳᠤᠯᠠᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨᠲᠠ ᠬᠦᠴᠦᠯᠡᠵᠦ᠂  ᠴᠠᠭᠠᠰᠤᠴᠢ ᠪᠠᠯᠭᠠᠰᠤᠨ ᠤ 21 ᠲᠣᠰᠬᠤᠨ ︵ᠨᠡᠶᠢᠭᠡᠮ ᠲᠣᠭᠤᠷᠢᠭ︶ ᠤ 10666 ᠡᠷᠦᠬᠡ ᠰᠠᠭᠤᠭᠠᠯᠢ ᠠᠷᠠᠳ ᠲᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠬᠢᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠳᠤ ᠬᠤᠯᠪᠣᠭᠳᠠᠭᠰᠠᠨ 4 ᠲᠣᠰᠬᠤᠨ ᠤ ᠨᠡᠶᠢᠲᠡ 248 ᠡᠷᠦᠬᠡ ᠶᠢ ᠨᠢᠭᠡᠨᠲᠡ ᠲᠤᠷᠰᠢᠨ ᠲᠣᠬᠢᠷᠠᠭᠤᠯᠵᠤ᠂ ᠰᠠᠭᠤᠭᠠᠯᠢ ᠠᠷᠠᠳ ᠤᠨ ᠴᠠᠬᠢᠯᠭᠠᠨ ᠢᠶᠠᠷ ᠳᠤᠯᠠᠭᠠᠯᠠᠬᠤ ᠶᠢ ᠨᠢᠭᠡᠨᠲᠡ ᠪᠡᠶᠡᠯᠡᠭᠦᠯᠵᠦ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ︾ ᠢᠶᠠᠷ ᠭᠤᠣᠯ ᠰᠡᠳᠦᠪᠲᠦ ᠬᠥᠮᠦᠵᠢᠯ ᠤᠨ ᠭᠦᠨᠴᠡ ᠶᠢ ᠰᠢᠯᠭᠠᠨ ᠪᠠᠶᠢᠴᠠᠭᠠᠵᠤ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠢᠯᠡᠷᠡᠭᠦᠯᠪᠡ᠃     ︽ᠴᠢᠩᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠪᠠ᠃ ︽ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠳᠠᠭᠤᠰᠲᠠᠯ᠎ᠠ ᠲᠤᠤᠱᠯᠠᠭᠤᠯᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠰᠠᠭᠤᠳᠠᠯ ᠢ ᠥᠷᠭᠡᠨ ᠢᠶᠠᠷ ᠭᠦᠨᠵᠡᠭᠡᠢ ᠪᠠᠶᠢᠴᠠᠭᠠᠵᠤ ᠂ ᠲᠤᠰᠬᠠᠢ ᠵᠦᠢᠯ ᠢᠶᠠᠷ ᠴᠡᠭᠴᠡᠯᠡᠨ ᠵᠠᠰᠠᠵᠤ ᠰᠤᠷᠲᠠᠯ ᠢ ᠬᠤᠪᠢᠷᠠᠭᠤᠯᠤᠨ᠂ ᠰᠢᠰᠲ᠋ᠧᠮ ᠲᠠᠢ ᠪᠠᠷ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠠᠰᠠᠭᠤᠳᠠᠯ ᠤᠨ ᠨᠠᠷᠢᠨ ᠲᠠᠩᠰᠠ︾ ᠶᠢ ᠦᠨᠡᠨ ᠬᠦ ︽ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠨᠠᠷᠢᠨ ᠲᠠᠩᠰᠠ︾᠂ ︽ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠬᠤ ᠬᠡᠷᠡᠭᠲᠡᠢ᠃ ᠬᠤᠰᠢᠭᠤᠨ ᠲᠠᠰ ᠤᠨ ᠳᠠᠪᠬᠤᠷᠭ᠎ᠠ ᠳᠤ 20 ᠠᠰᠠᠭᠤᠳᠠᠯ ᠤᠨ ᠨᠠᠷᠢᠨ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠵᠡᠷᠭᠡ ᠶᠢ ᠨᠢᠭᠡᠳ ᠨᠢᠭᠡ ᠪᠠᠷ ᠲᠣᠳᠣᠷᠬᠠᠶᠢᠯᠠᠪᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠬᠡᠷᠡᠭᠵᠢᠭᠦᠯᠬᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠬᠤ᠂ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠭᠤᠣᠯᠯᠠᠭᠤᠯᠤᠨ ᠪᠠᠶᠢᠴᠠᠭᠠᠨ ᠦᠵᠡᠵᠦ ᠵᠠᠳᠠᠯᠤᠯᠲᠠ ᠬᠢᠵᠦ᠂ 317 ᠵᠦᠢᠯ ᠤᠨ ᠠᠰᠠᠭᠤᠳᠠᠯ ᠢ ᠣᠨᠣᠪᠴᠢᠲᠠᠶ ᠡᠷᠢᠵᠦ ᠪᠣᠳᠠᠲᠠᠶᠢᠵᠢᠭᠤᠯᠪᠠ᠃     ᠲᠠᠷᠠᠭᠠᠴᠢ ᠶᠢᠨ ᠠᠯᠬᠤᠮ ᠳᠤ᠂ ᠰᠢ ᠶᠢᠨ ᠫᠢᠩ ᠵᠡᠭᠦᠨ ᠬᠤᠰᠢᠭᠤᠨ ᠤ ᠬᠢᠨ ᠦᠷᠭᠦᠯᠵᠢᠯᠡᠨ ᠭᠤᠣᠯ ᠰᠡᠳᠦᠪᠲᠦ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠬᠥᠬᠡᠨᠠᠭᠤᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠬᠦᠴᠦᠯᠡᠨ ᠠᠬᠢᠭᠤᠯᠤᠨ᠎ᠠ᠃  
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号