ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠪᠣᠯᠣᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠬᠠᠷᠢᠯᠴᠠᠨ ᠠᠭᠤᠰᠤᠯᠴᠠᠭᠤᠯᠤᠨ ᠬᠠᠮᠲᠤᠪᠠᠷ ᠠᠬᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/6
     ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠲᠦᠯᠬᠢᠨ ᠠᠬᠢᠭᠤᠯᠵᠤ ᠪᠣᠳᠠᠲᠤ ᠦᠷ᠎ᠡ ᠪᠦᠲᠦᠮᠵᠢ ᠣᠯᠬᠤ ᠶᠢᠨ ᠲᠥᠯᠥᠭᠡ᠂ 9 ᠰᠠᠷ᠎ᠠ ᠠᠴᠠ ᠡᠬᠢᠯᠡᠵᠦ᠂ ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠣᠨᠣᠯ ᠤᠨ ᠰᠤᠷᠤᠯᠴᠠᠯᠭ᠎ᠠ᠂ ᠠᠵᠢᠯ ᠬᠢᠵᠦ ᠦᠢᠯᠡᠰ ᠴᠣᠭᠴᠠᠯᠠᠬᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠪᠠᠶᠢᠴᠠᠭᠠᠨ ᠦᠵᠡᠬᠦ ᠶᠢᠨ ᠲᠣᠭᠤᠷᠢᠨ ᠳᠤ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠰᠤᠷᠤᠯᠴᠠᠯᠭ᠎ᠠ ᠪᠠᠷ ᠠᠮᠢᠨ ᠰᠦᠨᠡᠰᠦ ᠶᠢ ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠬᠥᠲᠥᠯᠥᠨ ᠵᠢᠯᠤᠭᠤᠳᠴᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ᠃     ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠨ᠎ᠡ᠃     ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠦᠷᠦᠭᠦᠯᠡᠨ ︽ᠬᠥᠲᠥᠯᠥᠨ ᠳᠠᠭᠠᠭᠤᠯᠬᠤ︾ ᠶᠢ ᠰᠤᠷᠤᠯᠴᠠᠪᠠ᠃ ᠤᠨᠤᠯ ᠤᠨ ᠰᠤᠷᠤᠯᠴᠠᠯᠭ᠎ᠠ ᠪᠠᠷ ᠲᠦᠷᠦᠭᠦᠯᠡᠨ ᠬᠢᠬᠦ ᠶᠢ ᠪᠠᠷᠢᠮᠲᠠᠯᠠᠵᠤ᠂ ︽ᠤᠨᠤᠯ ᠤᠨ ᠬᠢᠴᠢᠶᠡᠯ ᠤᠨ ᠲᠠᠩᠬᠢᠮ᠂ ᠲᠤᠰᠬᠠᠢ ᠮᠡᠷᠭᠡᠵᠢᠯᠲᠡᠨ ᠤ ᠬᠢᠴᠢᠶᠡᠯ ᠤᠨ ᠲᠠᠩᠬᠢᠮ᠂ ᠨᠢᠭᠡᠳᠦᠭᠡᠷ ᠹᠷᠣᠨᠲ ᠤᠨ ᠬᠢᠴᠢᠶᠡᠯ ᠤᠨ ᠲᠠᠩᠬᠢᠮ᠂ ᠰᠦᠯᠵᠢᠶᠡᠨ ᠤ ᠬᠢᠴᠢᠶᠡᠯ ᠤᠨ ᠲᠠᠩᠬᠢᠮ︾ ᠵᠡᠷᠭᠡ ᠪᠠᠶᠢᠩᠭᠤᠵᠢᠭᠰᠠᠨ ᠰᠤᠷᠤᠯᠴᠠᠬᠤ ᠲᠣᠭᠲᠠᠴᠠ ᠶᠢ ᠪᠠᠶᠢᠭᠤᠯᠵᠤ᠂ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠡᠭᠦᠷ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠢᠨᠲ᠋ᠥᠷ ᠰᠦᠯᠵᠢᠶᠡᠨ ᠤ ᠲᠠᠪᠴᠠᠩ ᠢ ᠠᠰᠢᠭᠯᠠᠨ᠂ ᠰᠤᠷᠤᠯᠴᠠᠭᠰᠠᠨ ᠲᠡᠮᠳᠡᠭᠯᠡᠯ ᠲᠠᠷᠬᠠᠭᠠᠵᠤ᠂ ᠤᠯᠤᠰ ᠢᠶᠠᠨ ᠬᠦᠴᠦᠷᠬᠡᠭᠵᠢᠭᠦᠯᠬᠦ ᠵᠡᠷᠭᠡ ᠠᠴᠢᠶᠠᠯᠠᠪᠤᠷᠢ ᠶᠢ ᠰᠤᠷᠤᠯᠴᠠᠵᠤ᠂ ᠲᠥᠪᠯᠡᠷᠡᠭᠦᠯᠦᠨ ᠰᠤᠳᠤᠯᠤᠨ ᠰᠤᠷᠤᠯᠴᠠᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ᠂ ᠣᠶᠢᠯᠠᠭᠠᠯᠲᠠ ᠪᠠᠨ ᠰᠣᠯᠢᠯᠴᠠᠬᠤ ᠠᠷᠭ᠎ᠠ ᠬᠡᠯᠪᠡᠷᠢ ᠪᠠᠷ ᠤᠨᠤᠯ ᠢ ᠲᠡᠷᠡ ᠬᠡᠪ ᠢᠶᠠᠷ ᠨᠢ ᠰᠤᠷᠤᠯᠴᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠣᠶᠢᠯᠠᠭᠠᠯᠲᠠ ᠪᠠᠨ ᠶᠠᠷᠢᠨ᠎ᠠ︔ ᠭᠤᠣᠯ ᠰᠡᠳᠦᠪᠲᠦ ᠰᠤᠷᠭᠠᠨ ᠬᠥᠮᠦᠵᠢᠯ ᠤᠨ ᠨᠣᠮ ᠪᠢᠴᠢᠭ ᠢ ᠲᠦᠭᠡᠭᠡᠨ ᠲᠠᠷᠬᠠᠭᠠᠬᠤ ᠪᠠ ᠶᠡᠷᠦᠩᠬᠡᠢ ᠱᠦᠵᠢ ᠰᠢ ᠶᠢᠨ ᠫᠢᠩ ᠤ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠢᠰᠲ᠋ᠥᠮ ᠲᠠᠢ ᠰᠤᠷᠤᠯᠴᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠠᠭᠤᠯᠤᠭᠳᠠᠬᠤᠨ ᠮᠥᠨ ᠴᠢᠨᠠᠷ ᠢ ᠭᠦᠨᠵᠡᠭᠡᠢ ᠣᠶᠢᠯᠠᠭᠠᠪᠠ᠃ ᠲᠤᠰᠬᠠᠢ ᠰᠡᠳᠦᠪᠲᠦ ᠨᠠᠮ ᠤᠨ ᠬᠢᠴᠢᠶᠡᠯ᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠣᠨᠣᠯ ᠤᠨ ᠬᠡᠪ ᠪᠣᠯᠪᠠᠰᠤᠷᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠵᠠᠯᠠᠭᠤᠷ ᠢ ᠡᠵᠡᠮᠳᠡᠨ ᠴᠢᠭᠯᠡᠯ ᠢ ᠲᠣᠭᠲᠠᠭᠠᠵᠤ᠂ ᠣᠶᠤᠨ ᠰᠠᠨᠠᠭᠠᠨ ᠤ ᠲᠠᠯ᠎ᠠ ᠪᠠᠷ ᠡᠷᠴᠢ ᠵᠣᠷᠢᠭ ᠢᠶᠠᠨ ᠬᠥᠪᠴᠢᠯᠡᠵᠦ᠂ ᠭᠤᠣᠯ ᠰᠡᠳᠦᠪᠲᠦ ᠬᠥᠮᠦᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠪᠠ᠃     ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠨ᠎ᠠ᠃     ᠨᠠᠮ ᠤᠨ ᠡᠭᠦᠷ ᠲᠦᠷᠦᠭᠦᠯᠡᠨ ︽ᠰᠦᠭ ᠰᠦᠨᠡᠰᠦ ᠶᠢ ᠱᠤᠭᠤᠬᠤ︾ ᠶᠢ ᠰᠤᠷᠤᠯᠴᠠᠪᠠ᠃ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢ ᠪᠠᠲᠤᠯᠠᠬᠤ ᠪᠠ ᠪᠣᠳᠠᠲᠠᠢ ᠠᠵᠢᠯ ᠢ ᠵᠢᠯᠤᠭᠤᠳᠬᠤ ᠶᠢᠨ ᠲᠥᠯᠥᠭᠡ᠂ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ ᠠᠴᠠ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ︽ᠪᠦᠬᠦ ᠭᠡᠰᠢᠭᠦᠨᠴᠢᠯᠡᠭᠰᠡᠨ᠂ ᠬᠢᠴᠢᠶᠡᠯ ᠤᠨ ᠲᠠᠩᠬᠢᠮᠴᠢᠯᠠᠭᠰᠠᠨ᠂ ᠰᠣᠭᠲᠣᠭᠤᠷᠠᠯ ᠤᠨ ᠮᠠᠶ᠋ᠢᠭ︾ ᠤᠨ ᠨᠣᠮ ᠤᠩᠰᠢᠬᠤ ᠠᠩᠭᠢ ᠶᠢᠨ ᠰᠤᠷᠤᠯᠴᠠᠯᠭ᠎ᠠ ᠶᠢ ᠥᠷᠨᠢᠭᠦᠯᠵᠦ᠂ ᠵᠠᠯᠠᠭᠤ ᠭᠤᠣᠯᠯᠠᠭᠴᠢ ᠬᠦᠴᠦᠨ ᠤ ᠤᠨᠤᠯ ᠤᠨ ᠰᠤᠷᠤᠯᠴᠠᠯᠭ᠎ᠠ ᠶᠢᠨ ᠳᠤᠭᠤᠶᠢᠯᠠᠩ ᠤᠨ ᠪᠢᠲᠡᠭᠦᠦ ᠴᠠᠭᠠᠷᠢᠭ ᠤᠨ ᠦᠢᠯᠡᠳᠦᠯᠭᠡ ᠶᠢᠨ ᠰᠤᠳᠤᠯᠭᠠᠨ᠂ ᠨᠠᠮ ᠤᠨ ᠡᠭᠦᠷ ᠤᠨ ᠱᠦᠵᠢ ᠶᠢᠨ ᠨᠠᠮ ᠤᠨ ᠬᠢᠴᠢᠶᠡᠯ ᠣᠷᠣᠬᠤ ᠵᠡᠷᠭᠡ ᠠᠵᠢᠯᠯᠠᠭ᠎ᠠ ᠶᠢ ᠡᠷᠬᠢᠯᠡᠵᠦ᠂ ᠴᠢᠳᠠᠪᠤᠷᠢᠲᠠᠨ ᠤ ᠣᠶᠤᠨ ᠤ ᠳᠠᠪᠠᠭᠤᠯᠢᠭ ᠢ ᠪᠠᠳᠠᠷᠠᠭᠤᠯᠵᠤ ᠰᠤᠳᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠬᠢᠨᠠᠨ ᠪᠣᠳᠣᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠢᠨᠠᠨ ᠪᠣᠳᠣᠯᠲᠠ ᠶᠢᠨ ᠶᠠᠷᠢᠶᠠᠨ ᠤ ᠲᠠᠪᠴᠠᠩ︾ ᠢ ᠪᠠᠶᠢᠭᠤᠯᠵᠤ᠂ ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ᠺᠠᠳ᠋ᠷ ᠢ ᠡᠭᠡᠯᠵᠢᠯᠡᠨ ᠲᠠᠶᠢᠰᠠᠨ ᠳᠤ ᠭᠠᠷᠭᠠᠵᠤ᠂ ᠬᠡᠷᠡᠭ ᠤᠨ ᠵᠢᠱᠢᠶ᠎ᠡ ᠶᠢ ᠬᠤᠪᠢᠶᠠᠨ ᠡᠳ᠋ᠯᠡᠬᠦ᠂ ᠲᠤᠭ᠎ᠠ ᠪᠠᠷᠢᠮᠲᠠ ᠶᠢᠨ ᠵᠢᠷᠤᠭ ᠬᠦᠰᠦᠨᠦᠭᠲᠦ᠂ ᠬᠠᠷᠢᠴᠠᠭᠤᠯᠤᠨ ᠵᠠᠳᠠᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠥᠷᠥᠭᠳᠡᠯ ᠢᠶᠠᠨ ᠶᠠᠷᠢᠵᠤ᠂ ᠰᠡᠳᠬᠢᠴᠡ ᠪᠠᠨ ᠶᠠᠷᠢᠵᠤ᠂ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ᠂ ᠢᠯᠠᠩᠭᠤᠶ᠎ᠠ ᠠᠷᠠᠳ ᠤᠨ ᠠᠮᠢᠳᠤᠷᠠᠯ ᠤᠨ ᠲᠥᠷᠥᠯ ᠤᠨ ᠪᠡᠯᠡ ᠮᠥᠩᠭᠦ ᠶᠢᠨ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠦᠨᠳᠦᠰᠦ ᠰᠤᠷᠪᠤᠯᠵᠢ ᠶᠢ ᠨᠢ ᠭᠦᠨ ᠤᠬᠤᠴᠢᠯᠠᠵᠤ᠂ ᠬᠢᠨᠠᠨ ᠪᠣᠳᠣᠯᠲᠠ  ᠶᠢ ᠬᠦᠯᠢᠶᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭ᠎ᠠ ᠠᠳᠬᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠣᠳᠣᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠᠬᠢ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠭᠠᠷᠠᠭ ᠪᠦᠷᠢ ᠲᠣᠬᠢᠷᠠᠭᠤᠯᠤᠯᠲᠠ ᠬᠢᠵᠦ᠂ ᠴᠢᠩᠭ᠎ᠠ ᠱᠠᠭᠠᠷᠳᠠᠨ ᠪᠣᠳᠠᠲᠠᠢ ᠰᠠᠶᠢᠵᠢᠷᠠᠭᠤᠯᠵᠤ᠂ ︽ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠬᠠᠮᠢᠶᠠᠷᠤᠯᠲᠠ ᠶᠢᠨ ᠳᠦᠷᠢᠮ︾ ᠢ ᠪᠠᠶᠢᠭᠤᠯᠵᠤ᠂ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠪᠠ ᠬᠢᠨᠠᠨ ᠪᠣᠳᠣᠯᠲᠠ ᠪᠠᠷ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠮᠥᠷᠳᠡᠵᠦ᠂ ᠠᠵᠤ ᠠᠬᠤᠢ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠨᠣᠯ ᠤᠨ ᠰᠤᠷᠤᠯᠴᠠᠯᠭ᠎ᠠ ᠪᠠ ᠦᠢᠯᠡᠳᠦᠯᠭᠡ ᠶᠢ ᠬᠠᠷᠢᠯᠴᠠᠨ ᠠᠭᠤᠰᠤᠯᠴᠠᠭᠤᠯᠬᠤ ᠠᠵᠢᠯ ᠤᠨ ᠪᠠᠶᠢᠷᠢᠰᠢᠯ ᠢ ᠦᠨᠡᠨᠬᠦ ᠠᠬᠢᠭᠤᠯᠵᠤ᠂ ᠲᠦᠮᠡᠳ ᠵᠡᠭᠦᠨ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃     ᠪᠠᠶᠢᠴᠠᠭᠠᠨ ᠰᠤᠳᠤᠯᠤᠯᠲᠠ ᠶᠢ ᠪᠣᠳᠠᠲᠠᠢ ᠪᠠᠷ ᠠᠳᠬᠤᠵᠤ᠂ ᠠᠷᠠᠳ ᠤᠨ ᠲᠥᠯᠥᠭᠡ ᠠᠵᠢᠯᠯᠠᠬᠤ ᠴᠢᠳᠠᠪᠤᠷᠢ ᠪᠠᠨ ᠨᠡᠮᠡᠭᠳᠡᠭᠦᠯᠦᠨ᠎ᠡ᠃     ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ︽ᠴᠢᠳᠠᠪᠤᠷᠢᠲᠠᠨ ᠢ ᠬᠦᠴᠦᠷᠬᠡᠭᠵᠢᠭᠦᠯᠬᠦ︾ ᠶᠢ ᠰᠤᠷᠤᠯᠴᠠᠨ᠎ᠠ᠃ ᠭᠤᠣᠯ ᠰᠡᠳᠦᠪᠲᠦ ᠬᠥᠮᠦᠵᠢᠯ ᠤᠨ ᠲᠣᠭᠲᠠᠭᠰᠠᠨ ᠬᠥᠳᠡᠯᠦᠯ ᠢ ᠦᠨᠳᠦᠰᠦᠯᠡᠨ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠠᠶᠢᠴᠠᠭᠠᠨ ᠰᠤᠳᠤᠯᠤᠯᠲᠠ ᠶᠢᠨ ᠬᠠᠮᠢᠶ᠎ᠠ ᠪᠦᠬᠦᠢ ᠠᠵᠢᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠤ ᠠᠵᠢᠯ ᠤᠨ ᠪᠣᠳᠠᠲᠤ ᠪᠠᠶᠢᠳᠠᠯ  ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠲᠡᠨ ᠤ ᠪᠦᠯᠬᠦᠮᠳᠡᠯ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠮᠠᠯᠵᠢᠬᠤ ᠶᠢ ᠴᠠᠭᠠᠵᠠᠯᠠᠬᠤ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠵᠢᠭᠠᠪᠤᠷᠢ ᠶᠢᠨ ᠱᠠᠭᠠᠷᠳᠠᠯᠭ᠎ᠠ ᠳᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠠᠷᠠᠳ ᠲᠦᠮᠡᠨ ᠳᠤ ᠦᠢᠯᠡᠴᠢᠯᠡᠬᠦ ᠶᠢ ᠠᠬᠢᠭᠤᠯᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠴᠢᠩᠭᠠᠳᠬᠠᠬᠤ ᠵᠡᠷᠭᠡ ᠲᠠᠯ᠎ᠠ ᠪᠠᠷ ᠭᠤᠣᠯᠳᠠᠭᠤᠯᠵᠤ᠂ ᠰᠡᠳᠦᠪ  ᠢ ᠨᠠᠷᠢᠨ ᠨᠢᠮᠪᠠᠢ ᠰᠣᠩᠭᠤᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠦᠷᠦᠭᠦᠯᠡᠨ ᠰᠡᠳᠦᠪ ᠳᠠᠭᠠᠭᠤᠯᠬᠤ᠂ ᠪᠠᠭ ᠤᠨ ᠪᠦᠷᠢᠯᠳᠦᠭᠦᠨ ᠨᠢᠭᠡᠪᠦᠷᠢ ᠨᠢᠭᠡ ᠰᠡᠳᠦᠪ ᠭᠠᠷᠭᠠᠬᠤ᠂ ᠨᠠᠮ ᠤᠨ ᠭᠡᠰᠢᠭᠦᠨ ᠺᠠᠳ᠋ᠷ ᠥᠷᠭᠡᠨ ᠢᠶᠠᠷ ᠣᠷᠣᠯᠴᠠᠬᠤ ᠵᠠᠭᠪᠤᠷ ᠢ ᠪᠠᠷᠢᠮᠲᠠᠯᠠᠵᠤ ᠂ ᠴᠠᠭᠠᠰᠤᠴᠢ ᠪᠠᠯᠭᠠᠰᠤᠨ ᠤ ᠭᠤᠸᠠᠩ ᠮᠢᠩ ᠵᠠᠮ ᠤᠨ ᠨᠡᠶᠢᠭᠡᠮ ᠲᠣᠭᠤᠷᠢᠭ ᠪᠣᠯᠣᠨ ᠪᠦᠦ ᠯᠢᠶᠠᠨ ᠬᠤᠶᠢᠲᠤ ᠰᠢᠷ᠎ᠠ ᠵᠤᠤ ᠰᠢᠶᠠᠩ ᠵᠡᠷᠭᠡ ᠵᠢᠷᠭᠤᠭᠠᠨ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠳᠤᠮᠳᠠ ᠭᠦᠨᠵᠡᠭᠡᠶᠢᠷᠡᠨ ᠰᠡᠳᠬᠢᠯ ᠲᠠᠯᠪᠢᠨ ᠶᠠᠷᠢᠯᠴᠠᠵᠤ᠂ ᠲᠦᠷᠦ ᠶᠢᠨ ᠪᠣᠳᠣᠯᠭ᠎ᠠ ᠶᠢᠨ ᠤᠨᠤᠯ ᠢ ᠤᠬᠠᠭᠤᠯᠤᠨ ᠲᠠᠶᠢᠯᠪᠤᠷᠢᠯᠠᠵᠤ᠂ ᠡᠷᠦᠬᠡ ᠪᠠᠷ ᠬᠦᠷᠴᠦ ᠰᠤᠷᠪᠤᠯᠵᠢᠯᠠᠨ᠂ ᠦᠨᠳᠦᠰᠦᠨ ᠱᠠᠲᠤ᠂ ᠲᠠᠷᠢᠶᠠᠴᠢᠨ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠲᠤᠯᠭᠠᠮ᠎ᠠ᠂ ᠬᠠᠮᠤᠭ ᠠᠴᠠ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠣᠶᠢᠯᠠᠭᠠᠵᠤ᠂ ᠺᠠᠳ᠋ᠷ ᠤᠯᠠᠨ ᠲᠦᠮᠡᠨ ᠢ ᠤᠶᠠᠯᠳᠤᠭᠤᠯᠵᠤ᠂ ᠰᠢᠯᠲᠠᠭᠠᠨ ᠢ ᠨᠢ ᠵᠠᠳᠠᠯᠵᠤ᠂ ᠠᠷᠭ᠎ᠠ ᠪᠣᠳᠣᠯᠭ᠎ᠠ ᠶᠢ ᠪᠣᠳᠠᠲᠠᠢ ᠳᠤ ᠳᠤᠷᠠᠳᠤᠭᠰᠠᠨ ᠪᠠᠶᠢᠨ᠎ᠠ᠃ ︽ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠠᠵᠢᠯᠯᠠᠭ᠎ᠠ ᠪᠠᠷ ᠢᠶᠠᠨ ᠬᠢᠨᠠᠨ ᠪᠤᠳᠤᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠵᠡᠢ᠃ ᠲᠦᠮᠡᠳ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ  ᠢᠯᠡᠷᠬᠡᠶᠢᠯᠡᠵᠡᠢ᠃ 
 
ᠢᠷᠡᠯᠲᠡ᠄ ᠬᠢᠨᠠᠨ ᠪᠤᠳᠤᠬᠤ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号