ᠪᠠᠢ ᠮᠢᠶᠣᠣ ᠽᠢ ᠪᠠᠯᠭᠠᠰᠤ᠄ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠠ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/12/11
     ᠬᠥᠬᠡᠭᠡ ᠡᠪᠦᠯ ᠤᠨ ᠤᠯᠠᠷᠢᠯ ᠳᠤ᠂ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠭᠰᠠᠨ ᠪᠣᠯᠪᠠᠴᠤ ᠲᠦᠮᠡᠳ ᠵᠡᠭᠦᠨ ᠬᠤᠰᠢᠭᠤᠨ ᠤ ᠪᠠᠢ ᠮᠢᠶᠣᠣ ᠽᠢ ᠪᠠᠯᠭᠠᠰᠤᠨ ᠤ ᠰᠢᠶᠣᠣ ᠳ᠋ᠠᠨ ᠪᠠ ᠲᠣᠰᠬᠤᠨ ᠤ ᠠᠷᠠᠳ ᠯᠢᠶᠠᠩ ᠢᠦᠢ ᠲᠡᠳᠡᠨ ᠤ ᠭᠡᠷ ᠪᠦᠯᠢ ᠳᠤ ᠬᠠᠷᠢᠨ ᠮᠠᠰᠢ ᠬᠠᠯᠠᠭᠤᠨ ᠳᠤᠯᠠᠭᠠᠨ ᠪᠠᠶᠢᠯ᠎ᠠ᠃     ︽ᠥᠩᠭᠡᠷᠡᠭᠰᠡᠨ ᠳᠤ ᠨᠡᠭᠦᠷᠡᠰᠦ ᠰᠢᠲᠠᠭᠠᠵᠤ ᠳᠤᠯᠠᠭᠠᠯᠠᠵᠤ ᠪᠠᠶᠢᠭᠰᠠᠨ ᠢᠶᠠᠨ ᠤᠳᠤ ᠮᠠᠨ ᠤ ᠬᠢᠨ ᠪᠠᠰᠠ ᠬᠤᠳᠠ ᠶᠢᠨ ᠬᠥᠮᠥᠰ ᠲᠠᠢ ᠠᠳᠠᠯᠢ ᠪᠠᠷ ᠪᠠᠶᠢᠭᠠᠯᠢ ᠶᠢᠨ ᠰᠢᠲᠠᠮᠠᠬᠠᠢ ᠬᠡᠢ ᠶᠢ ᠬᠡᠷᠡᠭᠯᠡᠵᠦ᠂ ᠳᠤᠯᠠᠭᠠᠯᠠᠭ᠎ᠠ ᠶᠢᠨ ᠦᠷ᠎ᠡ ᠪᠦᠲᠦᠮᠵᠢ ᠢᠯᠡᠳᠲᠡ ᠰᠠᠶᠢᠵᠢᠷᠠᠵᠠᠢ︾᠃ ᠯᠢᠶᠠᠩ ᠢᠦᠢ ᠾᠧ ᠰᠤᠷᠪᠤᠯᠵᠢᠯᠠᠭᠴᠢ ᠳᠤ᠂ ᠡᠨᠡ ᠵᠢᠯ ᠰᠢᠶᠣᠣ ᠳ᠋ᠠᠨ ᠪᠠ ᠲᠣᠰᠬᠤᠨ ᠤ 310 ᠭᠠᠷᠤᠢ ᠡᠷᠤᠬᠡ ᠲᠣᠰᠬᠤᠨ ᠤ ᠠᠷᠠᠳ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠵᠦ︾᠂ ᠲᠡᠳᠡᠨ ᠤ ᠬᠢᠨ ᠴᠦ ᠣᠷᠣᠯᠴᠠᠵᠤ᠂ ᠥᠩᠭᠡᠷᠡᠭᠰᠡᠨ ᠤ ᠨᠡᠭᠦᠷᠡᠰᠦ ᠰᠢᠲᠠᠭᠠᠵᠤ ᠳᠤᠯᠠᠭᠠᠯᠠᠬᠤ᠂ ᠬᠤᠭᠤᠯᠠ ᠬᠢᠬᠦ ᠠᠮᠢᠳᠤᠷᠠᠯ ᠤᠨ ᠪᠠᠶᠢᠳᠠᠯ ᠢ ᠬᠤᠪᠢᠷᠠᠭᠤᠯᠵᠠᠢ᠃     ︽ᠪᠢ ᠬᠥᠭᠰᠢᠨ ᠲᠠᠢ ᠪᠠᠨ ᠨᠠᠰᠤ ᠠᠬᠢᠵᠠᠢ᠂ ︿ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ﹀ ᠶᠢ ᠪᠤᠳᠤᠪᠠᠯ ᠥᠩᠭᠡᠷᠡᠭᠰᠡᠨ ᠤ ᠨᠡᠭᠦᠷᠡᠰᠦ ᠰᠢᠲᠠᠭᠠᠬᠤ ᠠᠴᠠ ᠨᠡᠩ ᠢᠯᠡᠭᠦᠦ ᠣᠷᠴᠢᠨ ᠲᠣᠭᠤᠷᠢᠨ ᠢ ᠬᠠᠮᠠᠭᠠᠯᠠᠵᠤ᠂ ᠠᠷᠢᠭᠤᠨ ᠴᠡᠪᠡᠷ ᠪᠣᠯᠵᠤ᠂ ᠵᠤᠤᠬ᠎ᠠ ᠦᠢᠯᠡᠳᠪᠦᠷᠢᠯᠡᠬᠦ᠂ ᠨᠡᠭᠦᠷᠡᠰᠦ ᠰᠢᠲᠠᠭᠠᠬᠤ᠂ ᠦᠨᠡᠰᠦ ᠴᠢᠳᠬᠤᠬᠤ ᠶᠠᠷᠰᠢᠭ ᠢ ᠪᠠᠭᠠᠰᠬᠠᠵᠤ᠂ ᠰᠢᠲᠠᠮᠠᠬᠠᠢ ᠬᠡᠢ ᠶᠢᠨ ᠵᠤᠤᠬ᠎ᠠ ᠶᠢ ᠮᠤᠰᠬᠢᠪᠠᠯ ᠬᠤᠭᠤᠯᠠ ᠬᠢᠵᠦ ᠴᠢᠳᠠᠨ᠎ᠠ᠂ ᠴᠠᠭ ᠪᠠ ᠬᠦᠴᠦ ᠶᠢ ᠠᠷᠪᠢᠯᠠᠨ᠎ᠠ︕︾ᠭᠡᠵᠦ ᠬᠡᠯᠡᠪᠡ᠃ ᠭᠡᠵᠦ ᠯᠢᠶᠠᠩ ᠢᠦᠢ ᠾᠧ ᠬᠡᠯᠡᠪᠡ᠃     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠰᠢ ᠶᠢᠨ ᠫᠢᠩ ᠵᠡᠭᠦᠨ ᠬᠤᠰᠢᠭᠤᠨ ᠤ ᠪᠠᠢ ᠮᠢᠶᠣᠣ ᠽᠢ ᠪᠠᠯᠭᠠᠰᠤ ᠢᠮᠠᠭᠲᠠ ᠬᠥᠬᠡᠨᠠᠭᠤᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠠᠢ᠃ ᠡᠨᠡ ᠵᠢᠯ ᠤᠨ ᠪᠠᠢ ᠮᠢᠶᠣᠣ ᠽᠢ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ  ᠶᠢ ᠲᠠᠷᠠᠬᠠᠢ ᠰᠢᠲᠠᠭᠠᠬᠤ  ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ  ᠪᠠᠷ ᠪᠡᠶᠡᠯᠡᠭᠦᠯᠬᠦ  ᠶᠢ ᠪᠠᠲᠤᠯᠠᠬᠤ ᠶᠢᠨ ᠲᠥᠯᠥᠭᠡ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠠᠢ ᠮᠢᠶᠣᠣ ᠽᠢ ᠪᠠᠯᠭᠠᠰᠤ ᠶᠢᠨ ᠬᠢᠨ ᠭᠤᠣᠯ ᠤᠳᠤᠷᠢᠳᠤᠯᠭ᠎ᠠ ᠭᠤᠣᠯᠯᠠᠨ ᠠᠳᠬᠤᠬᠤ᠂ ᠬᠡᠰᠡᠭ ᠲᠠᠯ᠎ᠠ ᠶᠢ ᠳᠠᠭᠠᠭᠠᠴᠢᠯᠠᠭᠰᠠᠨ ᠤᠳᠤᠷᠢᠳᠤᠯᠭ᠎ᠠ ᠪᠣᠳᠠᠲᠠᠢ ᠬᠠᠷᠢᠭᠤᠴᠠᠬᠤ᠂ ᠲᠣᠰᠬᠤᠨ ᠤ ᠺᠠᠳ᠋ᠷ ᠨᠢᠭᠡᠳᠦᠭᠡᠷ ᠹᠷᠣᠨᠲ ᠢ ᠳᠠᠭᠠᠭᠠᠴᠢᠯᠠᠨ ᠠᠬᠢᠭᠤᠯᠬᠤ᠂ ᠲᠣᠰᠬᠤᠨ ᠤ ᠺᠠᠳ᠋ᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠤᠯᠠᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠪᠠᠷ ᠳᠠᠮᠵᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠣᠨ ᠭᠤᠣᠯᠳᠠᠯᠭ᠎ᠠ ᠲᠠᠢ ᠡᠭᠦᠷᠭᠡ ᠶᠢ ᠤᠶᠠᠯᠳᠤᠭᠤᠯᠵᠤ᠂ 26 ᠵᠠᠰᠠᠭ ᠵᠠᠬᠢᠷᠭᠠᠨ ᠤ ᠲᠣᠰᠬᠤᠨ ᠳᠤ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠶᠢ ᠨᠡᠶᠢᠳᠡ 6591 ᠡᠷᠦᠭᠡ ᠳᠤ ᠬᠡᠷᠡᠭᠵᠢᠭᠦᠯᠪᠡ᠃ ᠡᠭᠦᠨ ᠳᠤ᠂︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ᠡᠷᠦᠬᠡ ᠶᠢᠨ ᠲᠤᠭ᠎ᠠ 1010 ᠡᠷᠦᠭᠡ ᠳᠤ ᠬᠦᠷᠴᠡᠢ︔ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢᠨ ᠡᠷᠤᠭᠡ ᠶᠢᠨ ᠲᠤᠭ᠎ᠠ 5581 ᠡᠷᠤᠭᠡ ᠳᠤ ᠬᠦᠷᠴᠦ᠂ ᠲᠥᠯᠥᠪᠯᠡᠭᠡ ᠠᠴᠠ ᠳᠠᠪᠠᠭᠤᠯᠤᠨ 377 ᠡᠷᠤᠭᠡ ᠶᠢ ᠪᠡᠶᠡᠯᠡᠭᠦᠯᠪᠡ᠃     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠠᠪᠤᠴᠠ ᠳᠤ᠂ ᠰᠧ ᠳ᠋ᠧ ᠪᠦᠦ ᠲᠣᠰᠬᠤᠨ ᠤ ᠨᠠᠮ ᠤᠨ ᠡᠭᠦᠷ ᠲᠣᠰᠬᠤᠨ ᠤ ᠳᠣᠲᠣᠷᠠᠬᠢ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠤᠯᠤᠭᠰᠠᠨ ᠪᠥᠭᠡᠳ ᠡᠷᠤᠭᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠤᠨ ᠰᠠᠨᠠᠭᠤᠯᠭ᠎ᠠ ᠶᠢ ᠴᠤᠭᠯᠠᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠠᠢ᠃ ᠲᠣᠰᠬᠤᠨ ᠤ ︿ᠬᠤᠶᠠᠷ ᠵᠥᠪᠯᠡᠯ﹀ ᠤᠨ ᠰᠣᠷᠪᠤᠯᠵᠢᠯᠠᠭ᠎ᠠ ᠪᠠ ᠲᠣᠰᠬᠤᠨ ᠤ ᠠᠷᠠᠳ ᠤᠨ ᠲᠤᠰᠬᠠᠭᠰᠠᠨ ᠢᠶᠠᠷ᠂ ᠲᠣᠰᠬᠤᠨ ᠤ ᠳᠣᠲᠣᠷᠠᠬᠢ ᠨᠢᠭᠡ ᠬᠡᠰᠡᠭ ᠨᠢ ᠲᠠᠷᠢᠶᠠᠨ ᠭᠠᠵᠠᠷ ᠤᠨ ᠤᠰᠤᠯᠠᠯᠲᠠ ᠶᠢᠨ ᠬᠤᠳᠳᠤᠭ ᠡᠪᠳᠡᠷᠡᠵᠦ᠂ ᠨᠥᠭᠦᠭᠡ ᠨᠢᠭᠡ ᠬᠡᠰᠡᠭ ᠨᠢ ᠤᠰᠤᠯᠠᠯᠲᠠ ᠶᠢᠨ ᠬᠤᠳᠳᠤᠭ ᠲᠤ ᠡᠯᠡᠰᠦ ᠭᠠᠷᠬᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠠᠲᠠᠵᠠᠢ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠭᠠᠴᠠᠭᠠᠨ ᠤ ᠠᠷᠠᠳ ᠤᠨ ᠵᠥᠪᠯᠡᠯ ᠨᠢ ᠭᠠᠴᠠᠭᠠᠨ ᠤ ᠬᠠᠮᠲᠤ ᠶᠢᠨ ᠪᠡᠯᠡ ᠮᠥᠩᠭᠦ ᠶᠢ 26000 ᠭᠠᠷᠤᠢ ᠲᠥᠭᠦᠷᠢᠭ ᠠᠰᠢᠭᠯᠠᠵᠤ᠂ ᠡᠯᠡᠰᠦ ᠭᠠᠷᠭᠠᠭᠰᠠᠨ ᠤᠰᠤᠯᠠᠯᠲᠠ ᠶᠢᠨ ᠬᠤᠳᠳᠤᠭ ᠢ ᠴᠡᠪᠡᠷᠯᠡᠵᠦ᠂ ᠰᠢᠨ᠎ᠡ ᠨᠢᠭᠡ ᠤᠰᠤᠯᠠᠯᠲᠠ ᠶᠢᠨ ᠬᠤᠳᠳᠤᠭ ᠮᠠᠯᠲᠠᠪᠠ᠃ ᠡᠨᠡ ᠬᠤᠶᠠᠷ ᠤᠰᠤᠯᠠᠯᠲᠠ  ᠶᠢᠨ ᠬᠤᠳᠳᠤᠭ ᠤᠨ ᠠᠰᠠᠭᠤᠳᠠᠯ  ᠢ ᠰᠢᠢᠳᠪᠦᠷᠢᠯᠡᠮᠡᠭᠴᠡ 400 ᠭᠠᠷᠤᠢ ᠮᠦ ᠲᠠᠷᠢᠶᠠᠨ ᠭᠠᠵᠠᠷ ᠤᠨ ᠤᠰᠤᠯᠠᠯᠲᠠ  ᠶᠢ ᠨᠥᠯᠥᠭᠡᠯᠡᠬᠦ ᠦᠭᠡᠢ ᠪᠣᠯᠵᠤ᠂ 100 ᠭᠠᠷᠤᠢ ᠡᠷᠦᠬᠡ ᠲᠣᠰᠬᠤᠨ ᠤ ᠠᠷᠠᠳ ᠲᠤ ᠠᠰᠢᠭ ᠬᠦᠷᠲᠡᠭᠡᠵᠡᠢ︾ ᠭᠡᠵᠦ ᠪᠠᠢ ᠮᠢᠶᠣᠣ ᠽᠢ ᠪᠠᠯᠭᠠᠰᠤᠨ ᠤ ᠰᠧ ᠳ᠋ᠧ ᠪᠦᠦ ᠲᠣᠰᠬᠤᠨ ᠤ ᠨᠠᠮ ᠤᠨ ᠡᠭᠦᠷ ᠤᠨ ᠱᠦᠵᠢ ᠳ᠋ᠦ᠋ ᠯᠢ ᠷᠦᠩ ᠬᠡᠯᠡᠵᠡᠢ᠃     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠨᠢ ᠤᠯᠠᠨ ᠲᠦᠮᠡᠨ ᠠᠴᠠ ᠬᠠᠮᠤᠭ ᠤᠨ ᠣᠶᠢᠷ᠎ᠠ ᠪᠠᠶᠢᠵᠤ᠂ ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠬᠦ ᠲᠤᠬᠠᠢ ᠬᠦᠰᠡᠯ ᠡᠷᠡᠮᠡᠯᠵᠡᠯ ᠨᠢ ᠴᠦ ᠨᠡᠩ ᠲᠤᠯᠭᠠᠮ᠎ᠠ ᠪᠣᠯᠵᠠᠢ᠃ ᠡᠭᠦᠨ ᠤ ᠲᠤᠯᠠᠳᠠ᠂ ᠪᠠᠢ ᠮᠢᠶᠣᠣ ᠽᠢ ᠪᠠᠯᠭᠠᠰᠤ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠪᠦᠬᠦ ᠪᠠᠯᠭᠠᠰᠤ ᠶᠢᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠪᠡᠶ᠎ᠡ ᠪᠠᠷ ᠢᠶᠠᠨ ᠣᠷᠣᠯᠴᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠷᠠᠳ ᠤᠨ ᠬᠡᠷᠡᠭᠴᠡᠭᠡ ᠶᠢ ᠠᠰᠠᠭᠤᠵᠤ᠂ ᠠᠷᠠᠳ ᠤᠨ ᠪᠣᠳᠣᠯᠭ᠎ᠠ ᠶᠢ ᠠᠰᠠᠭᠤᠵᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠰᠠᠭᠤᠳᠠᠯ ᠢ ᠡᠷᠢᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠣᠨ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠵᠡᠢ᠃     ᠣᠶᠢᠯᠠᠭᠠᠭᠰᠠᠨ ᠢᠶᠠᠷ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠠᠪᠤᠴᠠ ᠳᠤ᠂ ᠪᠠᠢ ᠮᠢᠶᠣᠣ ᠽᠢ ᠪᠠᠯᠭᠠᠰᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠤᠨ 475 ᠡᠷᠦᠬᠡ ᠳᠤ ᠣᠴᠢᠭᠤᠯᠤᠨ ᠰᠤᠷᠪᠤᠯᠵᠢᠯᠠᠭᠤᠯᠵᠤ᠂ 49 ᠤᠳᠠᠭ᠎ᠠ ᠶᠠᠷᠢᠯᠴᠠᠨ ᠰᠣᠯᠢᠯᠴᠠᠵᠤ᠂ 25 ᠰᠠᠨᠠᠯ ᠰᠠᠨᠠᠭᠤᠯᠭ᠎ᠠ ᠶᠢ ᠭᠥᠯᠢᠶᠡᠨ ᠠᠪᠴᠤ᠂ 220 ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ ᠤᠨ ᠵᠦᠢᠯᠡᠰ ᠢ ᠪᠠᠶᠢᠭᠤᠯᠤᠨ᠂ 69 ᠠᠰᠠᠭᠤᠳᠠᠯ ᠢ ᠬᠤᠷᠢᠶᠠᠨ ᠴᠤᠭᠯᠠᠭᠤᠯᠵᠤ᠂ 41 ᠵᠦᠢᠯ ᠤᠨ ᠳ᠋ᠤᠭᠠᠷ ᠢ ᠨᠢ ᠬᠠᠰᠤᠭᠰᠠᠨ ᠪᠠᠶᠢᠨ᠎ᠠ᠃ ᠡᠭᠦᠨ ᠤ ᠬᠠᠮᠲᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠪᠦᠬᠦ ᠪᠠᠯᠭᠠᠰᠤ ᠪᠠᠷ ᠢᠶᠠᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠷᠳᠡᠭᠡ ᠴᠢᠭ᠋ ᠢ 50 ᠪᠠᠶᠢᠭᠤᠯᠵᠤ᠂ ᠪᠠᠯᠭᠠᠰᠤ ᠭᠠᠴᠠᠭ᠎ᠠ ᠬᠤᠶᠠᠷ ᠱᠠᠲᠤᠨ ᠤ ᠣᠷᠣᠯᠠᠨ ᠭᠦᠢᠴᠡᠳᠭᠡᠭᠴᠢ 112 ᠬᠥᠮᠥᠨ ᠢ ᠲᠣᠬᠢᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠪᠠ᠃     ︽ᠪᠠᠢ ᠮᠢᠶᠣᠣ ᠽᠢ ᠪᠠᠯᠭᠠᠰᠤᠨ ᠤ ᠨᠠᠮ ᠤᠨ ᠬᠤᠷᠢᠶ᠎ᠠ︿ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ﹀ᠶᠡᠷᠦᠩᠬᠡᠢ ᠱᠠᠭᠠᠷᠳᠠᠯᠭ᠎ᠠ ᠶᠣᠰᠣᠭᠠᠷ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠵᠠᠢ᠃ ᠬᠠᠷᠢᠶ᠎ᠠ ᠣᠷᠣᠨ ᠤ 52 ᠨᠠᠮ ᠤᠨ ᠡᠭᠦᠷ ᠨᠢ ᠭᠤᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠬᠤ᠂ ᠰᠤᠷᠭᠠᠭᠤᠯᠢ ᠶᠢ ᠭᠡᠷ ᠲᠤᠨᠢ ᠬᠦᠷᠭᠡᠬᠦ᠂ ᠰᠤᠷᠭᠠᠭᠤᠯᠢ ᠶᠢ ᠳᠠᠭᠠᠭᠤᠯᠤᠨ ᠰᠤᠷᠤᠯᠭ᠎ᠠ ᠶᠢ ᠬᠠᠪᠰᠤᠷᠬᠤ ᠵᠡᠷᠭᠡ ᠠᠷᠭ᠎ᠠ ᠬᠡᠯᠪᠡᠷᠢ ᠲᠠᠢ ᠤᠶᠠᠯᠳᠤᠭᠤᠯᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ︿ᠴᠠᠬᠢᠯᠭᠠᠨ ᠴᠡᠨᠡᠭᠯᠡᠬᠦ﹀ᠬᠢᠴᠢᠶᠡᠯ ᠨᠥᠬᠦᠪᠦᠷᠢᠯᠡᠵᠡᠢ᠃ ᠳᠠᠷᠠᠭᠠᠴᠢ ᠶᠢᠨ ᠠᠯᠬᠤᠮ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ︾ᠭᠡᠵᠦ ᠪᠠᠢ ᠮᠢᠶᠣᠣ ᠽᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠳ᠋ᠦ᠋ ᠰᠢᠤᠸᠠᠢ ᠹᠠᠩ ᠬᠡᠯᠡᠪᠡ᠃  
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号