ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ᠄ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠡᠷᠭᠢᠯᠡᠬᠦ ᠲᠥᠪ ᠲᠤ ᠣᠷᠣᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠠᠢ ᠦᠭᠡᠢ
ᠨᠡᠶᠢᠲᠡᠯᠡᠭᠰᠡᠨ ᠴᠠᠭ᠄
2023/12/11
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠢᠨ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠤᠯᠠᠨ ᠲᠦᠮᠡᠨ ᠤ ᠰᠡᠳᠬᠢᠯ ᠳᠤ ᠨᠡᠶᠢᠴᠡᠭᠦᠯᠵᠦ᠂ ᠭᠤᠣᠯ ᠰᠡᠳᠦᠪᠲᠦ ᠬᠥᠮᠦᠵᠢᠯ ᠪᠣᠯᠣᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠶᠢᠨ ᠬᠠᠷᠢᠯᠴᠠᠨ ᠠᠭᠤᠰᠤᠯᠴᠠᠵᠤ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     12 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ ᠬᠤᠲᠠ ᠶᠢᠨ ᠠᠷᠠᠳ ᠤᠨ ᠺᠠᠷᠲ ᠤᠨ ᠺᠣᠮᠫᠠᠨᠢ᠂ ᠨᠡᠶᠢᠲᠡ ᠶᠢᠨ ᠵᠠᠮ ᠬᠠᠷᠢᠯᠴᠠᠭᠠᠨ ᠤ ᠵᠢᠷᠭᠤᠳᠤᠭᠠᠷ ᠺᠣᠮᠫᠠᠨᠢ ᠲᠠᠢ ᠬᠠᠮᠲᠤᠷᠠᠨ ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠤᠨ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠢ ᠲᠥᠪᠯᠡᠷᠡᠭᠦᠯᠦᠨ ᠭᠦᠢᠴᠡᠳᠬᠡᠵᠦ᠂ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ ᠥᠭᠪᠡ᠃     ᠰᠠᠭᠤᠭᠠᠯᠢ ᠠᠷᠠᠳ ᠤᠨ ᠲᠤᠬᠠᠶᠢᠯᠠᠭᠰᠠᠨ ᠠᠵᠢᠯ ᠢᠶᠠᠨ ᠬᠢᠯᠪᠠᠷᠬᠠᠨ ᠢᠶᠠᠷ᠂ ᠥᠨᠳᠥᠷ ᠪᠦᠲᠦᠮᠵᠢᠲᠡᠶ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠳ ᠨᠢᠭᠡ ᠭᠠᠷᠠᠭ ᠤᠨ ᠡᠮᠦᠨ᠎ᠡ ᠰᠠᠭᠤᠭᠠᠯᠢ ᠠᠷᠠᠳ ᠤᠨ ᠸᠢᠴᠠᠲ ᠤᠨ ᠪᠦᠯᠦᠭ ᠢᠶᠠᠷ ᠳᠠᠮᠵᠢᠭᠤᠯᠤᠨ ᠣᠯᠠᠨ ᠤᠳᠠᠭ᠎ᠠ ᠮᠡᠳᠡᠭᠳᠡᠯ ᠨᠡᠶᠢᠲᠡᠯᠡᠵᠦ ᠂ ᠺᠠᠷᠲ ᠭᠦᠢᠴᠡᠳᠬᠡᠬᠦ ᠱᠠᠭᠠᠷᠳᠠᠯᠭ᠎ᠠ ᠲᠠᠢ ᠰᠠᠭᠤᠭᠠᠯᠢ ᠠᠷᠠᠳ ᠲᠤ ᠬᠡᠷᠡᠭᠴᠡᠭᠡ ᠲᠠᠢ ᠭᠡᠷᠡᠴᠢ ᠦᠨᠡᠮᠯᠡᠯ ᠤᠨ ᠮᠠᠲ᠋ᠧᠷᠢᠶᠠᠯ ᠢᠶᠠᠨ ᠰᠠᠶᠢᠲᠤᠷ ᠪᠡᠯᠡᠳᠬᠡᠬᠦ ᠶᠢ ᠰᠠᠨᠠᠭᠤᠯᠵᠤ ᠪᠠᠶᠢᠨ᠎ᠠ᠃ ᠦᠢᠯᠡᠴᠢᠯᠡᠭᠡᠨ ᠤ ᠲᠢᠩᠬᠢᠮ ᠳᠤ ᠭᠦᠷᠦᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠺᠠᠷᠲ ᠤᠨ ᠺᠣᠮᠫᠠᠨᠢ ᠶᠢᠨ ᠠᠵᠢᠯᠲᠠᠨ ᠰᠠᠭᠤᠭᠠᠯᠢ ᠠᠷᠠᠳ ᠤᠨ ᠲᠤᠬᠠᠢ ᠶᠢᠨ ᠲᠠᠯᠠᠪᠤᠷ ᠲᠤ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠮᠠᠲ᠋ᠧᠷᠢᠶᠠᠯ ᠢᠶᠠᠨ ᠲᠤᠰᠢᠶᠠᠬᠤ ᠠᠴᠠ ᠠᠪᠤᠭᠠᠳ ᠭᠡᠷᠡᠴᠢ ᠦᠨᠡᠮᠯᠡᠯ ᠢᠶᠠᠨ ᠠᠪᠬᠤ ᠬᠦᠷᠲᠡᠯᠡᠬᠢ ᠪᠥᠬᠦ ᠶᠠᠪᠤᠴᠠ ᠶᠢ 3 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃     ᠲᠣᠰ ᠤᠳᠠᠭᠠᠨ ᠤ ᠠᠵᠢᠯᠯᠠᠭ᠎ᠠ ᠨᠢ ᠲᠥᠪ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠢᠨ ᠬᠠᠷᠢᠶ᠎ᠠ ᠣᠷᠣᠨ ᠳᠤ ᠣᠷᠣᠰᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠰᠢᠯᠢᠳᠡᠭ ᠦᠢᠯᠡᠴᠢᠯᠡᠭᠡ ᠶᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠡᠷᠡᠭᠴᠡᠭᠡ ᠪᠠ ᠰᠡᠳᠬᠢᠯ ᠳᠤ ᠬᠦᠷᠭᠡᠵᠦ᠂ ᠲᠥᠪ ᠤᠨ ᠡᠯ᠎ᠡ ᠲᠦᠷᠦᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ 
 
ᠢᠷᠡᠯᠲᠡ᠄  ᠶᠢᠨ ᠬᠤᠸ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号