ᠬᠤᠰᠢᠭᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ 17 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
     12 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 17 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶  ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠣ ᠶᠠ ᠬᠤᠷᠠᠯ ᠢ ᠡᠷᠭᠢᠯᠡᠪᠡ᠃     ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠫᠷᠤᠹᠥᠰᠰᠤᠷ ᠼᠦᠢ ᠸᠧᠨ ᠵᠢᠩ ᠢ ᠤᠷᠢᠵᠤ ᠲᠤᠬᠠᠢ ᠶᠢᠨ ᠲᠠᠯᠠᠪᠠᠢ ᠳᠤ ᠬᠢᠴᠢᠶᠡᠯ ᠣᠷᠣᠭᠤᠯᠵᠤ᠂ ᠼᠦᠢ ᠸᠧᠨ ᠵᠢᠩ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠡᠭᠦᠷᠭᠡ᠂ ᠠᠰᠠᠭᠤᠳᠠᠯ ᠪᠣᠯᠣᠨ ᠥᠷᠢᠰᠦᠯᠳᠦᠭᠡᠨ ᠵᠡᠷᠭᠡ ᠲᠠᠯ᠎ᠠ ᠪᠠᠷ ᠰᠢᠰᠲ᠋ᠥᠮ ᠲᠠᠢ ᠬᠢᠴᠢᠶᠡᠯ ᠵᠢᠭᠠᠪᠠ᠃ ᠲᠠᠶᠢᠯᠤᠮᠵᠢ  ᠶᠢᠨ ᠠᠭᠤᠯᠭ᠎ᠠ ᠪᠠᠶᠠᠯᠢᠭ᠂ ᠣᠶᠢᠯᠠᠭᠠᠮᠵᠢᠲᠠᠢ᠂ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠱᠠᠰᠢᠨ ᠰᠤᠷᠲᠠᠬᠤᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ  ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ᠂ ᠪᠥᠬᠦ ᠬᠤᠰᠢᠭᠤᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠡᠵᠡᠮᠳᠡᠬᠦ ᠬᠡᠷᠡᠭᠲᠡᠢ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠳᠤ ᠪᠠᠭ᠎ᠠ ᠶᠠᠪᠤᠳᠠᠯ ᠦᠭᠡᠢ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠢᠨ᠎ᠡ ᠪᠠᠶᠢᠳᠠᠯ ᠤᠨ ᠳᠣᠣᠷᠠᠬᠢ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠩᠨᠡᠭᠡ ᠪᠠᠨ ᠪᠠᠬᠢᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠰᠢᠨ ᠰᠤᠷᠲᠠᠬᠤᠨ ᠤ ᠠᠵᠢᠯ ᠤᠨ ᠲᠦᠪᠰᠢᠨ ᠪᠣᠯᠣᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠡᠶ᠎ᠡ ᠨᠠᠶᠢᠷᠰᠠᠭ᠂ ᠱᠠᠰᠢᠨ ᠰᠤᠷᠲᠠᠬᠤᠨ ᠤ ᠡᠶ᠎ᠡ ᠨᠠᠶᠢᠷᠰᠠᠭ᠂ ᠨᠡᠶᠢᠭᠡᠮ ᠤᠨ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠠᠮᠢᠶᠠᠷᠤᠯᠲᠠ ᠶᠢ ᠴᠢᠩᠬᠠᠳᠬᠠᠨ᠂ ᠡᠶ᠎ᠡ ᠵᠣᠬᠢᠴᠠᠯ ᠲᠠᠢ ᠪᠠᠷ ᠬᠥᠭᠵᠢᠭᠦᠯᠵᠦ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠪᠠᠭᠰᠢ ᠠᠵᠢᠯᠲᠠᠨ ᠪᠠ ᠱᠠᠰᠢᠨ ᠰᠢᠲᠦᠳᠡᠭ ᠤᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠨ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ᠂ ᠪᠦᠯᠬᠦᠮᠳᠡᠨ ᠲᠠᠪᠰᠢᠬᠤ᠂ ᠨᠡᠶᠢᠭᠡᠮ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠮᠠᠨ ᠤ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠯ᠂ ᠱᠠᠰᠢᠨ ᠰᠤᠷᠲᠠᠬᠤᠨ ᠤ ᠡᠶ᠎ᠡ ᠨᠠᠶᠢᠷᠠᠮᠳᠠᠭᠤ ᠪᠠᠶᠢᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃     ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠲᠥᠪ ᠳᠤᠭᠤᠶᠢᠯᠠᠩ ᠤᠨ ᠭᠡᠰᠢᠭᠦᠨ ᠪᠠ ᠴᠡᠯᠡᠭᠡᠷ ᠲᠠᠯ᠎ᠠ ᠰᠦ᠋ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠵᠠᠢ  
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号