ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠦᠨᠳᠦᠰᠦᠨ ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/11
     2023 ᠣᠨ ᠤ 12 ᠰᠠᠷ᠎ᠠ ᠶᠢᠨ 4  ᠤ ᠡᠳᠦᠷ ᠪᠣᠯ ᠮᠠᠨ ᠤ ᠤᠯᠤᠰ ᠤᠨ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ᠎ᠠ᠃ ᠡᠨᠡ ᠵᠢᠯ ᠤᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠪᠣᠯ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠤᠶ᠎ᠠ︾ ᠪᠣᠯᠣᠨ᠎ᠠ᠃ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠦᠨᠳᠦᠰᠦᠨ ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠦᠨᠡᠨ ᠬᠦ ᠲᠦᠯᠬᠢᠨ ᠠᠬᠢᠭᠤᠯᠪᠠ᠃ ︽ᠬᠠᠤᠯᠢ︾ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠬᠤ ᠶᠢᠨ ᠲᠥᠯᠥᠭᠡ᠂ ᠲᠣᠰ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠭ᠎ᠠ ᠡᠾᠸᠧ ᠰᠢᠶᠣᠣ ᠢᠦᠢ ᠬᠠᠤᠯᠢ ᠶᠢᠨ ᠲᠤᠰᠢᠶᠠᠯᠲᠠᠨ ᠲᠦᠮᠡᠳ ᠵᠡᠭᠦᠨ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ ᠪᠢᠴᠢᠬᠠᠨ ᠨᠠᠶᠢᠵᠠ ᠨᠠᠷ ᠲᠤ ᠰᠢᠨ᠎ᠡ ᠰᠡᠪᠡᠭᠦᠨ ᠦᠨᠳᠦᠰᠦᠨ ᠬᠠᠤᠯᠢ ᠶᠢᠨ ᠬᠢᠴᠢᠶᠡᠯ ᠣᠷᠣᠵᠤ ᠥᠭᠪᠡ᠃     ᠬᠢᠴᠢᠶᠡᠯ ᠤᠨ ᠲᠠᠩᠬᠢᠮ ᠳᠤ᠂ ᠡᠾᠸᠧ ᠰᠢᠶᠣᠣ ᠢᠦᠢ ᠬᠠᠤᠯᠢ ᠶᠢᠨ ᠲᠤᠰᠢᠶᠠᠯᠲᠠᠨ ︽ᠬᠠᠤᠯᠢ ᠶᠢᠨ ᠪᠢᠴᠢᠭ ᠤᠨ ᠪᠦᠲᠦᠴᠡ + ᠬᠡᠷᠡᠭ ᠤᠨ ᠵᠢᠱᠢᠶ᠎ᠡ ᠶᠢᠨ ᠥᠯᠢᠭᠡᠷ︾ ᠭᠡᠬᠦ ᠲᠠᠶᠢᠯᠪᠤᠷᠢᠯᠠᠯᠲᠠ ᠶᠢᠨ ᠠᠷᠭ᠎ᠠ ᠮᠠᠶ᠋ᠢᠭ ᠢ ᠠᠪᠴᠤ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠪᠢᠴᠢᠬᠠᠨ ᠨᠠᠶᠢᠵᠠ ᠨᠠᠷ ᠲᠤ ᠦᠨᠳᠦᠰᠦᠨ ᠬᠠᠤᠯᠢ ᠨᠢ ᠤᠯᠤᠰ ᠤᠨ ᠦᠨᠳᠦᠰᠦ ᠪᠣᠯᠬᠤ ᠶᠡᠭᠡ ᠬᠠᠤᠯᠢ ᠪᠣᠯᠤᠭᠰᠠᠨ ᠤ ᠬᠤᠪᠢ ᠳᠠᠬᠢ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠡᠢ᠃ ᠪᠦᠬᠦ᠋ᠢᠯᠡ ᠦᠨᠳᠦᠰᠦᠨ ᠬᠠᠤᠯᠢ ᠶᠢᠨ ᠬᠢᠴᠢᠶᠡᠯ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠪᠢᠴᠢᠬᠠᠨ ᠨᠠᠶᠢᠵᠠ ᠨᠠᠷ ᠭᠠᠷ ᠡᠷᠭᠦᠨ ᠠᠰᠠᠭᠤᠵᠤ᠂ ︽ᠦᠨᠳᠦᠰᠦᠨ ᠬᠠᠤᠯᠢ︾  ᠶᠢᠨ ᠤᠬᠠᠭᠳᠠᠬᠤᠨ ᠨᠢ ᠬᠡᠦᠬᠡᠳ ᠤᠨ ᠰᠡᠳᠬᠢᠯ ᠳᠤ ᠭᠦᠨ ᠰᠠᠭᠤᠭᠳᠠᠪᠠ᠃ ᠲᠤᠰ ᠬᠦᠷᠢᠶᠡᠯᠡᠩ ᠤᠨ ᠰᠢᠭᠦᠭᠴᠢ ᠶᠠᠩ ᠶᠠᠩ ᠲᠦᠮᠡᠳ ᠵᠡᠭᠦᠨ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠳᠥᠷᠪᠡᠳᠦᠭᠡᠷ ᠣᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ︽ᠦᠨᠳᠦᠰᠦᠨ ᠬᠠᠤᠯᠢ ᠨᠠᠳᠠ ᠲᠠᠢ ᠬᠠᠮᠲᠤ ᠦᠰᠦᠨ ᠪᠣᠶᠢᠵᠢᠬᠤ︾ᠦᠨᠳᠦᠰᠦᠨ ᠬᠠᠤᠯᠢ ᠶᠢᠨ ᠲᠤᠰᠬᠠᠢ ᠰᠡᠳᠦᠪᠲᠦ ᠬᠢᠴᠢᠶᠡᠯ ᠵᠢᠭᠠᠪᠠ᠃     ᠬᠠᠤᠯᠢ ᠶᠢᠨ ᠲᠤᠰᠢᠶᠠᠯᠲᠠᠨ ᠶᠠᠩ ᠶᠠᠩ ᠦᠨᠳᠦᠰᠦᠨ ᠬᠠᠤᠯᠢ ᠶᠢᠨ ᠤᠬᠠᠭᠳᠠᠬᠤᠨ᠂ ᠲᠡᠦᠬᠡ᠂ ᠦᠨᠳᠦᠰᠦᠨ ᠬᠠᠤᠯᠢ ᠨᠢ ᠪᠢᠳᠡᠨ ᠤ ᠨᠢᠭᠡ ᠨᠠᠰᠤᠨ ᠳᠤ ᠬᠠᠮᠵᠢᠬᠤ ᠵᠡᠷᠭᠡ ᠲᠠᠯ᠎ᠠ ᠠᠴᠠ ᠰᠤᠷᠤᠭᠴᠢᠳ ᠲᠤ ᠦᠨᠳᠦᠰᠦᠨ ᠬᠠᠤᠯᠢ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠬᠦ ᠶᠢᠨ ᠬᠠᠮᠲᠤ ᠬᠠᠮᠤᠭ ᠰᠡᠭᠦᠯᠴᠢ ᠶᠢᠨ︽ᠦᠨᠳᠦᠰᠦᠨ ᠬᠠᠤᠯᠢ ᠶᠢᠨ ᠮᠡᠳᠡᠯᠭᠡ ᠶᠢᠨ ᠥᠷᠢᠰᠦᠯᠳᠦᠭᠡᠨ︾ ᠤ ᠭᠤᠭᠴᠤᠭ᠎ᠠ ᠳᠤ ᠬᠡᠦᠬᠡᠳ ᠤᠳ ᠲᠠᠢ ᠬᠠᠷᠢᠯᠴᠠᠵᠤ᠂ ᠠᠰᠠᠭᠤᠯᠲᠠ ᠬᠠᠷᠢᠭᠤᠯᠲᠠ᠂ ᠥᠷᠢᠰᠦᠯᠳᠦᠭᠡᠨ ᠤ ᠠᠷᠭ᠎ᠠ ᠬᠡᠯᠪᠡᠷᠢ ᠪᠠᠷ ᠰᠤᠷᠤᠭᠴᠢᠳ ᠤᠨ ᠦᠨᠳᠦᠰᠦᠨ ᠬᠠᠤᠯᠢ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠡᠢ᠃     ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠲᠣᠰ ᠤᠳᠠᠭᠠᠨ ᠤ ᠦᠨᠳᠦᠰᠦᠨ ᠬᠠᠤᠯᠢ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠠᠷ ᠡᠬᠢᠯᠡᠯᠲᠡ ᠪᠣᠯᠭᠠᠵᠤ᠂ ᠰᠤᠷᠭᠠᠭᠤᠯᠢ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠨᠠᠩ ᠴᠢᠬᠤᠯᠠᠴᠢᠯᠠᠨ᠎ᠠ ᠡᠭᠦᠨ ᠤ ᠬᠠᠮᠲᠤ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠦᠷᠭᠦᠯᠵᠢᠯᠡᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠪᠣᠳᠠᠲᠤ ᠬᠡᠷᠡᠭ ᠢᠶᠠᠷ ᠦᠨᠳᠦᠰᠦᠯᠡᠯ ᠪᠣᠯᠭᠠᠨ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠵᠤ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃ 
 
ᠢᠷᠡᠯᠲᠡ᠄ ᠰᠢᠭᠦᠬᠦ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号