ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ᠄ ᠴᠠᠰᠤ ᠶᠢ ᠠᠷᠢᠯᠭᠠᠨ ᠠᠷᠠᠳ ᠤᠨ ᠵᠣᠪᠠᠨᠢᠯ ᠢ ᠠᠷᠢᠯᠭᠠᠵᠤ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2023/12/13
     12 ᠰᠠᠷ᠎ᠠ ᠶᠢᠨ 10  ᠤ ᠣᠷᠣᠢ ᠡᠨᠡ ᠵᠢᠯ ᠤᠨ ᠡᠪᠦᠯ ᠠᠩᠬ᠎ᠠ ᠤᠳᠠᠭ᠎ᠠ ᠴᠠᠰᠤ ᠣᠷᠣᠵᠤ᠂ ᠲᠦᠮᠡᠳ ᠵᠡᠭᠦᠨ ᠬᠤᠰᠢᠭᠤᠨ ᠤ ᠬᠤᠳᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠠᠮᠤᠭ ᠤᠨ ᠲᠦᠷᠦᠭᠦᠨ ᠳᠤ ᠢᠳᠡᠪᠬᠢᠲᠡᠢ ᠠᠷᠭᠠᠴᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠴᠠᠰᠤ ᠴᠡᠪᠡᠷᠯᠡᠬᠦ ᠠᠵᠢᠯ ᠢ ᠲᠦᠷᠭᠡᠨ ᠡᠬᠢᠯᠡᠭᠦᠯᠵᠦ᠂ ᠠᠷᠠᠳ ᠤᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠠᠢ᠃     ᠲᠣᠰ ᠤᠳᠠᠭᠠᠨ ᠤ ᠴᠠᠰᠤ ᠣᠷᠣᠭᠰᠠᠨ ᠬᠦᠢᠲᠡᠨ ᠠᠭᠤᠷ ᠠᠮᠢᠰᠬᠤᠯ ᠳᠤ ᠴᠢᠭᠯᠡᠭᠦᠯᠦᠨ᠂ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠬᠤᠲᠠ ᠶᠢᠨ ᠲᠣᠭᠤᠷᠢᠭ ᠤᠨ ᠡᠯ᠎ᠡ ᠭᠤᠣᠯᠳᠠᠯᠭ᠎ᠠ ᠲᠠᠢ ᠣᠷᠣᠨ ᠪᠦᠰᠡ ᠪᠠᠷ ᠠᠵᠢᠯᠲᠠᠨ᠂ ᠴᠠᠰᠤ ᠠᠷᠢᠯᠭᠠᠬᠤ ᠲᠣᠨᠤᠭ ᠲᠥᠬᠦᠭᠡᠷᠦᠮᠵᠢ᠂ ᠲᠡᠷᠭᠡ ᠬᠥᠰᠬᠡ ᠵᠡᠷᠭᠡ ᠶᠢ ᠬᠤᠪᠢᠶᠠᠷᠢᠯᠠᠵᠤ᠂ ︽ᠮᠠᠰᠢᠨᠴᠢᠯᠠᠯᠲᠠ ᠪᠠᠷ ᠴᠠᠰᠤ ᠠᠷᠢᠯᠭᠠᠬᠤ ᠪᠠᠷ ᠭᠤᠣᠯ ᠪᠣᠯᠭᠠᠵᠤ᠂ ᠬᠥᠮᠥᠨ ᠤ ᠬᠦᠴᠦ ᠪᠠᠷ ᠴᠠᠰᠤ ᠠᠷᠢᠯᠭᠠᠬᠤ ᠪᠠᠷ ᠬᠠᠪᠰᠤᠷᠤᠮᠵᠢ ᠪᠣᠯᠭᠠᠬᠤ︾ ᠴᠠᠰᠤ ᠠᠷᠢᠯᠭᠠᠬᠤ ᠵᠠᠭᠪᠤᠷ ᠢ ᠬᠡᠷᠡᠭᠯᠡᠨ᠂ ᠴᠠᠰᠤ ᠠᠷᠢᠯᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠰᠥᠨᠢ ᠪᠠᠷ ᠵᠠᠮ ᠳᠡᠭᠡᠷ᠎ᠡ ᠬᠤᠷᠠᠭᠰᠠᠨ ᠴᠠᠰᠤ ᠶᠢ ᠴᠡᠪᠡᠷᠯᠡᠵᠦ᠂ ᠴᠠᠰᠤ ᠬᠤᠷᠠᠬᠤ ᠲᠤᠲᠤᠮ ᠵᠤᠵᠠᠭᠠᠷᠠᠬᠤ ᠶᠢ ᠰᠡᠷᠭᠡᠶᠢᠯᠡᠪᠡ᠃ 11  ᠤ ᠥᠷᠯᠥᠭᠡ᠂ ᠠᠵᠢᠯᠴᠢ ᠬᠥᠳᠡᠯᠮᠦᠷᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠠᠯᠢ ᠡᠷᠲᠡ ᠵᠡᠭᠡᠯᠢ ᠳᠤ ᠭᠠᠷᠴᠤ ᠬᠤᠷᠠᠭᠰᠠᠨ ᠴᠠᠰᠤ ᠶᠢ ᠴᠡᠪᠡᠷᠯᠡᠵᠦ ᠡᠬᠢᠯᠡᠪᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠴᠠᠰᠤᠨ ᠬᠤᠰᠤᠭᠤᠷ᠂ ᠱᠦᠭᠦᠷ ᠪᠠᠷᠢᠵᠤ᠂ ᠬᠤᠷᠠᠭᠰᠠᠨ ᠴᠠᠰᠤ ᠶᠢ ᠬᠠᠮᠤᠭ ᠤᠨ ᠲᠦᠷᠭᠡᠨ ᠬᠤᠷᠳᠤᠴᠠ ᠪᠠᠷ ᠴᠡᠪᠡᠷᠯᠡᠨ ᠠᠷᠢᠯᠭᠠᠵᠤ᠂ ᠡᠯ᠎ᠡ ᠭᠤᠣᠯ ᠵᠠᠮ ᠵᠡᠷᠭᠡ ᠬᠥᠮᠥᠨ ᠤᠯᠠᠨ ᠴᠤᠭᠯᠠᠷᠠᠭᠰᠠᠨ ᠭᠠᠵᠠᠷ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠᠷ ᠴᠢᠷᠮᠠᠶᠢᠪᠠ᠃     ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠴᠠᠰᠤᠨ ᠤ ᠳᠠᠷᠠᠭᠠᠬᠢ ᠵᠠᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠯᠡᠳᠡᠭᠰᠡᠨ ᠴᠠᠰᠤ᠂ ᠰᠢᠪᠠᠷ᠂ ᠤᠰᠤ ᠵᠡᠷᠭᠡ ᠶᠢ ᠴᠡᠪᠡᠷᠯᠡᠵᠦ᠂ ᠪᠥᠬᠦ ᠬᠦᠴᠦᠨ ᠢᠶᠠᠷ ᠢᠶᠠᠨ ᠵᠠᠮ ᠤᠨ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠰᠡᠷᠭᠦᠭᠡᠬᠦ ᠶᠢᠨ ᠬᠠᠮᠲᠤ ᠴᠠᠭ ᠠᠭᠤᠷ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠲᠠᠷᠠᠭᠠᠴᠢ ᠶᠢᠨ ᠤᠳᠠᠭᠠᠨ ᠤ ᠴᠠᠰᠤ ᠴᠡᠪᠡᠷᠯᠡᠬᠦ ᠠᠵᠢᠯ ᠳᠤ ᠭᠦᠢᠴᠡᠳ ᠪᠡᠯᠡᠳᠬᠡᠯ ᠬᠢᠨ᠎ᠡ᠃ 
 
ᠢᠷᠡᠯᠲᠡ᠄ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号