ᠭᠤᠣᠯ ᠰᠡᠳᠦᠪ᠄ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠳᠤ ᠠᠬᠠᠷᠤᠯ ᠢᠶᠠᠨ | ᠲᠥᠪᠯᠡᠷᠡᠭᠦᠯᠵᠦ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ | ᠴᠠᠭ᠄ 2023 - 12 - 1410᠄ 00 | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠵᠠᠩ ᠸᠧᠢ ᠳ᠋ᠦᠩ᠂ ᠬᠠᠤᠯᠢ ᠴᠠᠭᠠᠵᠠ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ᠯᠢ | ᠰᠧ ᠶᠣᠣ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠬᠠᠨ ᠵᠢᠶᠧ | ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ | | | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ ᠄ | ︽ᠪᠢᠳᠡᠨ ᠤ ᠮᠡᠳᠡᠭᠡᠵᠢ ᠪᠠᠷ︾ ᠭᠡᠵᠦ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠲᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠣᠯᠣᠨ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ | ᠢ ᠪᠠᠶᠢᠭᠤᠯᠬᠤ ᠱᠠᠭᠠᠷᠳᠠᠯᠭ᠎ᠠ ᠶᠢᠨ ᠲᠠᠯ᠎ᠠ ᠪᠠᠷ᠂ ᠣᠷᠣᠨ ᠤ ᠲᠥᠪ ᠤᠨ ᠡᠳ᠋ ᠤᠨ ᠵᠠᠰᠠᠭ ᠬᠠᠤᠯᠢ ᠪᠠᠷ ᠵᠠᠰᠠᠬᠤ | ᠡᠳ᠋ ᠤᠨ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠪᠠᠰᠠ ᠨᠡᠯᠢᠶᠡᠳ ᠰᠠᠶᠢᠨ ᠠᠵᠢᠯ ᠤᠨ | ᠠᠮᠵᠢᠯᠲᠠ ᠣᠯᠣᠭᠰᠠᠨ ᠪᠠᠶᠢᠨ᠎ᠠ᠂ ᠲᠡᠭᠡᠪᠡᠯ ᠣᠶᠢᠷ᠎ᠠ ᠶᠢᠨ ᠬᠤᠭᠤᠴᠠᠭᠠᠨ ᠳᠤ᠂ ᠬᠠᠤᠯᠢ ᠶᠣᠰᠣᠭᠠᠷ ᠵᠠᠰᠠᠭ | ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠠᠵᠢᠯ ᠢ ᠠᠬᠢᠭᠤᠯᠬᠤ ᠶᠠᠪᠤᠴᠠ ᠳᠤ ᠮᠠᠨ ᠤ | ᠣᠷᠣᠨ ᠤ ᠲᠥᠪ ᠤᠨ ᠡᠳ᠋ ᠤᠨ ᠵᠠᠰᠠᠭ ᠪᠠᠰᠠ ᠶᠠᠮᠠᠷ ᠶᠠᠮᠠᠷ ᠰᠢᠨ᠎ᠡ ᠠᠵᠢᠯ ᠬᠢᠭᠰᠡᠨ ᠪᠤᠶ ︖ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ | ᠸᠧᠢ ᠳ᠋ᠦᠩ ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠨᠠᠮ ᠪᠠ ᠤᠯᠤᠰ ᠤᠨ ᠥᠨᠢ ᠤᠳᠠᠭᠠᠨ ᠠᠮᠤᠷ ᠲᠣᠭᠲᠠᠭᠤᠨ ᠳᠤ ᠬᠤᠯᠪᠣᠭᠳᠠᠬᠤ | ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠬᠠᠤᠯᠢ ᠪᠠᠷ ᠵᠠᠰᠠᠬᠤ ᠶᠢ ᠠᠬᠢᠭᠤᠯᠵᠤ᠂ ᠣᠷᠣᠨ ᠤ | ᠲᠥᠪ ᠤᠨ ᠡᠳ᠋ ᠤᠨ ᠵᠠᠰᠠᠭ ᠪᠣᠯᠤᠭᠰᠠᠨ ᠤ ᠬᠤᠪᠢ ᠳᠤ᠂ ᠪᠢᠳᠡ ᠬᠠᠤᠯᠢ ᠪᠠᠷ ᠵᠠᠰᠠᠬᠤ ᠡᠳ᠋ ᠤᠨ ᠵᠠᠰᠠᠭ ᠤᠨ | ᠪᠠᠶᠢᠭᠤᠯᠤᠯᠲᠠ ᠶᠢᠨ ᠠᠵᠢᠯ ᠢ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠵᠢᠴᠢ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠶᠠᠪᠤᠴᠠ ᠳᠠᠬᠢ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠴᠢᠬᠤᠯᠠ ᠪᠠᠶᠢᠷᠢ | ᠰᠠᠭᠤᠷᠢ ᠪᠠ ᠦᠢᠯᠡᠳᠦᠯ ᠢ ᠭᠦᠢᠴᠡᠳ ᠲᠠᠨᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ | ᠡᠳ᠋ ᠤᠨ ᠶᠠᠪᠤᠳᠠᠯ ᠢ ᠬᠠᠮᠢᠶᠠᠷᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠤᠬᠠᠮᠰᠠᠷ ᠠᠴᠠ ᠪᠠᠨ ᠴᠢᠩᠭᠠᠳᠬᠠᠪᠠ᠃ ᠣᠶᠢᠷ᠎ᠠ ᠶᠢᠨ ᠵᠢᠯ ᠤᠳ ᠲᠤ᠂ ᠣᠷᠣᠨ ᠤ ᠲᠥᠪ ᠤᠨ ᠡᠳ᠋ ᠤᠨ ᠵᠠᠰᠠᠭ | ᠠᠴᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ᠂ | ᠨᠢᠭᠡᠳᠦᠯᠲᠡᠢ ᠲᠥᠯᠥᠪᠯᠡᠨ ᠠᠬᠢᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ᠪᠥᠬᠦ ᠬᠤᠲᠠ ᠶᠢᠨ | ᠡᠯ᠎ᠡ ᠬᠤᠰᠢᠭᠤ ᠰᠢᠶᠠᠨ ᠲᠣᠭᠤᠷᠢᠭ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ | ᠳᠠᠭᠠᠭᠤᠯᠤᠨ᠂ ᠪᠠᠷᠢᠮᠵᠢᠶ᠎ᠠ ᠲᠠᠢ ᠬᠠᠷᠢᠴᠠᠭᠤᠯᠤᠨ ᠰᠤᠷᠤᠯᠴᠠᠵᠤ᠂ ᠲᠤᠷᠰᠢᠯᠭ᠎ᠠ ᠶᠢ ᠰᠢᠩᠭᠡᠬᠡᠨ ᠠᠪᠴᠤ᠂ | ᠳᠤᠲᠠᠭᠤᠳᠠᠯ ᠢᠶᠠᠨ ᠨᠥᠬᠦᠪᠦᠷᠢᠯᠡᠪᠡ᠃ ᠢᠯᠠᠩᠭᠤᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠥᠪ ᠤᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ ᠶᠢ | ᠬᠡᠷᠡᠭᠵᠢᠭᠦᠯᠬᠦ ᠳᠦᠷᠢᠮ︾ ᠳᠤ ᠵᠠᠰᠠᠪᠤᠷᠢ ᠣᠷᠣᠭᠤᠯᠤᠭᠰᠠᠨ ᠤ ᠲᠠᠷᠠᠭ᠎ᠠ᠂ ᠲᠥᠰᠥᠪ ᠤᠨ ᠰᠢᠰᠲ᠋ᠧᠮ ᠡᠳᠦᠷ ᠢᠷᠡᠬᠦᠶ᠎ᠡ | ᠲᠡᠭᠦᠯᠳᠡᠷᠵᠢᠵᠦ᠂ ︽ᠪᠦᠬᠦ ᠲᠠᠯ᠎ᠠ ᠪᠠᠷ ᠵᠢᠷᠤᠮᠵᠢᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ | ᠬᠢᠵᠠᠭᠠᠷᠯᠠᠯ ᠨᠢ ᠬᠦᠴᠦᠲᠡᠢ ᠲᠥᠰᠥᠪ ᠤᠨ ᠳᠦᠷᠢᠮ︾ ᠢ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ | ᠵᠣᠬᠢᠶᠠᠬᠤ᠂ ᠭᠦᠢᠴᠡᠳᠬᠡᠬᠦ ᠪᠠ ᠬᠢᠨᠠᠯᠲᠠ ᠲᠠᠯᠪᠢᠬᠤ ᠪᠦᠬᠦ ᠶᠠᠪᠤᠴᠠ ᠳᠤ ᠪᠦᠲᠦᠮᠵᠢᠲᠡᠶ ᠪᠠᠷ ᠠᠭᠤᠰᠬᠠᠨ ᠨᠡᠶᠢᠯᠡᠭᠦᠯᠪᠡ᠃ | ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠩ ᠲᠡᠷᠢᠭᠦᠨ ᠳᠤ ᠤᠯᠤᠰ ᠲᠦᠷᠦ ᠶᠢᠨ | ᠪᠠᠶᠢᠭᠤᠯᠤᠯᠭ᠎ᠠ᠂ ᠳᠠᠷᠠᠭ᠎ᠠ ᠳᠤᠨᠢ ᠲᠤᠬᠠᠶᠢᠯᠠᠭᠰᠠᠨ ᠠᠵᠢᠯ ᠤᠨ ᠪᠠᠶᠢᠭᠤᠯᠤᠯᠭ᠎ᠠ ᠪᠣᠯᠣᠨ᠎ᠠ᠃ ᠡᠷᠬᠡᠪᠰᠢ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ | ᠠᠵᠢᠯ ᠤᠨ ᠤᠯᠤᠰ ᠲᠥᠷᠥᠴᠢ ᠴᠢᠨᠠᠷ ᠢ ᠴᠢᠩᠭᠠᠳᠬᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠤᠱᠯᠠᠭᠳᠠᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃ | ︽ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠢ ᠬᠥᠬᠡᠬᠤᠲᠠ ᠶᠢᠨ ᠵᠢᠯᠤᠭᠤᠳᠬᠤ ᠰᠠᠨᠠᠯ | ︾ ᠢ ᠦᠨᠳᠦᠰᠦᠯᠡᠨ᠂ ᠮᠠᠨ ᠤ ᠲᠣᠪᠴᠢᠶ᠎ᠠ ᠶᠢᠨ ᠲᠣᠭᠲᠠᠭᠠᠭᠰᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠥᠰᠥᠯ ᠳᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ | ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠳᠠᠬᠢ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ | ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠪᠡ᠃ ᠡᠭᠦᠨ ᠤ | ᠵᠡᠷᠭᠡᠴᠡᠭᠡᠪᠡᠷ ᠪᠦᠬᠦ ᠲᠠᠯ᠎ᠠ ᠪᠠᠷ ᠪᠦᠬᠦ ᠠᠵᠢᠯᠲᠠᠨ ᠣᠷᠣᠯᠴᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠠᠵᠢᠯ ᠬᠤᠪᠢᠶᠠᠨ ᠬᠠᠮᠲᠤᠷᠠᠯᠴᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠠᠵᠢᠯ ᠤᠨ ᠪᠣᠳᠠᠲᠤ | ᠦᠷ᠎ᠡ ᠪᠦᠲᠦᠮᠵᠢ ᠶᠢ ᠺᠠᠳ᠋ᠷ ᠤᠨ ᠠᠵᠢᠯ ᠤᠨ ᠪᠣᠳᠠᠲᠤ ᠪᠦᠲᠦᠮᠵᠢ ᠶᠢ ᠬᠡᠮᠵᠢᠬᠦ ᠴᠢᠬᠤᠯᠠ ᠠᠭᠤᠯᠭ᠎ᠠ ᠪᠣᠯᠭᠠᠵᠤ᠂ | ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠤᠨ ᠪᠦᠬᠦ ᠶᠠᠪᠤᠴᠠ ᠶᠢ ᠬᠠᠤᠯᠢ ᠶᠣᠰᠣᠨ ᠳᠤ ᠨᠡᠶᠢᠴᠡᠭᠦᠯᠵᠦ᠂ | ᠡᠳ᠋ ᠤᠨ ᠵᠠᠰᠠᠭ ᠤᠨ ᠠᠵᠢᠯ ᠤᠨ ᠡᠯ᠎ᠡ ᠭᠤᠭᠴᠤᠭ᠎ᠠ ᠶᠢ ᠪᠦᠬᠦᠨ ᠢ ᠵᠢᠷᠤᠮᠵᠢᠭᠤᠯᠵᠤ᠂ ᠬᠠᠤᠯᠢ ᠪᠠᠷ ᠵᠠᠰᠠᠬᠤ ᠶᠢ ᠦᠨᠡᠨ | ᠬᠦ ᠪᠠᠲᠤᠯᠠᠨ᠎ᠠ᠃ ᠬᠤᠶᠠᠷ ᠲᠤ᠂ ᠳᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠲᠡᠰ ᠳᠠᠷᠠᠭᠠᠯᠠᠯ ᠢ ᠴᠢᠩᠭ᠎ᠠ | ᠬᠡᠷᠡᠭᠵᠢᠭᠦᠯᠦᠨ᠎ᠡ᠃ ᠣᠷᠣᠨ ᠤ ᠲᠥᠪ ᠤᠨ ᠡᠳ᠋ ᠤᠨ ᠵᠠᠰᠠᠭ ᠨᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ | ᠠᠬᠢᠭᠤᠯᠵᠤ᠂ ᠬᠠᠤᠯᠢ ᠴᠠᠭᠠᠵᠠ ᠶᠢᠨ ᠳᠦᠷᠢᠮ ᠤᠨ ᠬᠡᠷᠡᠭᠵᠢᠭᠦᠯᠦᠯᠲᠡ ᠶᠢ ᠴᠢᠩᠭ᠎ᠠ ᠠᠳᠬᠤᠨ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠰᠥᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠥᠰᠥᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠵᠡᠷᠭᠡ ᠬᠠᠮᠢᠶ᠎ᠠ ᠪᠦᠬᠦᠢ | ᠲᠣᠭᠲᠠᠭᠠᠯ ᠢ ᠦᠨᠡᠨᠬᠦ ᠠᠳᠬᠤᠵᠤ᠂ ᠴᠢᠩᠭ᠎ᠠ ᠬᠠᠮᠢᠶᠠᠷᠤᠨ᠂ ᠨᠠᠷᠢᠨ ᠨᠠᠶᠢᠳᠠᠪᠤᠷᠢᠵᠢᠭᠤᠯᠵᠤ᠂ ᠳᠦᠷᠢᠮ ᠤᠨ | ᠬᠢᠵᠠᠭᠠᠷᠯᠠᠯ ᠢ ᠴᠢᠩᠭᠠᠳᠬᠠᠨ᠎ᠠ᠃ ᠡᠨᠡ ᠨᠢ ᠮᠥᠨ ᠴᠦ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ | ᠦᠷᠭᠦᠯᠵᠢᠯᠡᠨ ᠡᠷᠡᠯᠬᠡᠭᠯᠡᠨ ᠤᠷᠤᠭᠰᠢᠯᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠳᠤᠮᠳᠠ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠶᠢᠨ ᠬᠦᠴᠦᠷᠬᠡᠭ ᠶᠡᠭᠡ | ᠬᠥᠳᠡᠯᠭᠡᠬᠦ ᠬᠦᠴᠦᠨ ᠮᠥᠨ᠃ ᠭᠤᠷᠪᠠ ᠳᠤ ᠬᠠᠤᠯᠢ ᠶᠢ ᠰᠤᠷᠤᠯᠴᠠᠵᠤ ᠬᠠᠤᠯᠢ ᠶᠢ ᠲᠦᠭᠡᠮᠡᠯᠵᠢᠭᠦᠯᠬᠦ ᠠᠵᠢᠯ ᠢ | ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠨᠢᠭᠡ ᠲᠠᠯ᠎ᠠ ᠪᠠᠷ᠂ ᠤᠳᠤᠷᠢᠳᠬᠤ | ᠺᠠᠳ᠋ᠷᠴᠤᠳ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢᠨ ᠳᠠᠭᠠᠭᠤᠯᠤᠭᠴᠢ ᠪᠣᠯᠵᠤ᠂ ︽ᠤᠳᠤᠷᠢᠳᠬᠤ ᠪᠠᠭ ᠤᠨ | ᠬᠠᠤᠯᠢ ᠶᠢ ᠰᠤᠷᠤᠯᠴᠠᠬᠤ ᠳᠦᠷᠢᠮ︾ ᠪᠠ ︽ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠬᠠᠤᠯᠢ ᠴᠠᠭᠠᠵᠠ | ᠬᠠᠤᠯᠢ ᠲᠣᠭᠲᠠᠭᠠᠯ ᠤᠨ ᠨᠠᠷᠢᠨ ᠲᠠᠩᠰᠠ︾ ᠶᠢ ᠪᠠᠶᠢᠭᠤᠯᠪᠠ᠃ ᠤᠳᠤᠷᠢᠳᠬᠤ ᠪᠠᠭ ᠲᠦᠷᠦᠭᠦᠯᠡᠨ ︽ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ᠡᠪ ᠬᠠᠮᠲᠤ ᠨᠠᠮ ᠤᠨ ᠬᠠᠤᠯᠢᠵᠢᠯ ᠤᠨ ᠦᠵᠡᠯ | ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠵᠡᠷᠭᠡ ᠳᠤ ︽ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠰᠥᠪ ᠤᠨ ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠳᠦᠷᠢᠮ᠂ ︽ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂︽ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠬᠠᠤᠯᠢ︾ᠵᠡᠷᠭᠡ ᠡᠳ᠋ ᠤᠨ ᠵᠠᠰᠠᠭ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠯᠦᠭᠡ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ᠎ᠠ᠃ | ᠡᠨᠡ ᠵᠢᠯ ᠤᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂︽ ᠤᠨ ᠬᠠᠤᠯᠢᠵᠢᠯ ᠤᠨ | ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠲᠠ ᠬᠠᠷᠢᠭᠤᠯᠲᠠ︾ ᠶᠢ ᠰᠤᠷᠤᠯᠴᠠᠵᠤ᠂ ᠤᠳᠤᠷᠢᠳᠬᠤ ᠺᠠᠳ᠋ᠷ ᠲᠦᠷᠦᠭᠦᠯᠡᠨ | ᠦᠨᠳᠦᠰᠦᠨ ᠬᠠᠤᠯᠢ ᠶᠢ ᠬᠦᠨᠳᠦᠳᠬᠡᠵᠦ᠂ ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ | ᠬᠠᠮᠠᠭᠠᠯᠠᠵᠤ᠂ ᠦᠨᠳᠦᠰᠦᠨ ᠬᠠᠤᠯᠢ ᠶᠢ ᠬᠡᠷᠡᠭᠯᠡᠵᠦ᠂ ᠦᠨᠳᠦᠰᠦᠨ ᠬᠠᠤᠯᠢ ᠶᠢᠨ ᠦᠵᠡᠯᠲᠡ ᠶᠢ ᠦᠨᠡᠨᠬᠦ | ᠴᠢᠩᠭᠠᠳᠬᠠᠵᠠᠢ᠃ ᠨᠦᠬᠦᠭᠡ ᠲᠠᠯ᠎ᠠ ᠪᠠᠷ᠂ ᠬᠠᠤᠯᠢ ᠪᠠᠷ ᠵᠠᠰᠠᠬᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ | ᠬᠥᠮᠥᠵᠢᠭᠦᠯᠬᠦ ᠶᠢ ᠴᠢᠩᠭ᠎ᠠ ᠠᠳᠬᠤᠵᠤ᠂ ᠪᠦᠬᠦ ᠡᠳ᠋ ᠤᠨ ᠵᠠᠰᠠᠭ ᠤᠨ ᠺᠠᠳ᠋ᠷᠴᠤᠳ ᠤᠨ ᠬᠠᠤᠯᠢ ᠶᠣᠰᠣᠭᠠᠷ ᠠᠵᠢᠯᠯᠠᠬᠤ | ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠲᠤᠬᠠᠶᠢᠯᠠᠭᠰᠠᠨ ᠠᠵᠢᠯ ᠤᠨ ᠪᠠᠶᠢᠷᠢ ᠬᠢᠭᠡᠳ ᠬᠠᠤᠯᠢ ᠪᠠᠷ | ᠵᠠᠰᠠᠬᠤ ᠠᠵᠢᠯ ᠤᠨ ᠪᠠᠶᠢᠷᠢ ᠶᠢᠨ ᠠᠵᠢᠯᠲᠠᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢ ᠮᠡᠳᠡᠬᠦ | ᠮᠥᠷᠲᠡᠭᠡᠨ ᠲᠤᠬᠠᠶᠢᠯᠠᠭᠰᠠᠨ ᠠᠵᠢᠯ ᠢ ᠴᠤ ᠮᠡᠳᠡᠳᠡᠭ ᠨᠢᠭᠡ ᠪᠦᠯᠦᠭ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠢ | ᠴᠢᠷᠮᠠᠶᠢᠨ ᠬᠥᠮᠥᠵᠢᠭᠦᠯᠦᠨ᠎ᠡ᠃ ᠲᠣᠪᠴᠢᠶ᠎ᠠ ᠳᠤ ᠠᠯᠪᠠᠨ ᠲᠤᠰᠢᠶᠠᠯᠲᠤ ᠬᠠᠤᠯᠢᠴᠢ ᠲᠣᠬᠢᠷᠠᠭᠤᠯᠤᠭᠰᠠᠨ ᠪᠥᠭᠡᠳ | ᠭᠠᠳᠠᠨ᠎ᠠ ᠠᠴᠠ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ | ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ᠂ ᠴᠢᠬᠤᠯᠠ ᠶᠡᠭᠡ ᠬᠠᠤᠯᠢ ᠴᠠᠭᠠᠵᠠ ᠳᠤ | ᠬᠤᠯᠪᠣᠭᠳᠠᠬᠤ ᠵᠦᠢᠯᠡᠰ ᠤᠨ ᠲᠠᠯ᠎ᠠ ᠪᠠᠷ ᠴᠥᠮ ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠢ ᠬᠢᠨᠠᠮᠠᠭᠠᠢ | ᠬᠤᠷᠢᠶᠠᠪᠠ᠃ ᠡᠴᠦᠰ ᠲᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠲᠥᠯᠦᠪᠵᠢᠭᠦᠯᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠭᠤᠯᠭ᠎ᠠ ᠶᠢᠨ | ᠲᠣᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠡᠳ᠋ ᠤᠨ | ᠵᠠᠰᠠᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠨᠳᠤᠯᠭᠠᠲᠤ ᠴᠢᠨᠠᠷ᠂ ᠪᠦᠲᠦᠮᠵᠢᠲᠦ | ᠴᠢᠨᠠᠷ᠂ ᠥᠷᠭᠡᠨ ᠳᠡᠯᠭᠡᠷᠡᠩᠭᠦᠢ ᠴᠢᠨᠠᠷ ᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ | ᠺᠠᠳ᠋ᠷᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠵᠦ᠂ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠡᠳ᠋ ᠤᠨ ᠵᠠᠰᠠᠭ ᠤᠨ ᠦᠢᠯᠡᠰ ᠤᠨ | ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠤᠯᠭᠠᠨ᠎ᠠ᠃ | ᠬᠥᠲᠥᠯᠥᠭᠴᠢ᠄ | ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠳᠤᠮᠳᠠ | ︽ᠳᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠢ︾᠂ ᠬᠤᠲᠠ ᠶᠢᠨ | ᠲᠥᠪ ᠤᠨ ᠡᠳ᠋ ᠤᠨ ᠵᠠᠰᠠᠭ ᠤᠨ ᠠᠵᠢᠯ ᠢ ᠬᠡᠷᠬᠢᠨ ᠬᠢᠭᠰᠡᠨ ᠪᠤᠶ︖ ᠭᠡᠳᠡᠭ ᠢ ᠪᠢᠳᠡᠨ ᠳᠤ ᠲᠠᠨᠢᠯᠴᠠᠭᠤᠯᠤᠭᠠᠳ | ᠥᠭᠭᠦᠨ᠎ᠡ ᠦᠦ︖ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ | ᠸᠧᠢ ᠳ᠋ᠦᠩ ᠄ | ᠡᠩ ᠲᠡᠷᠢᠭᠦᠨ ᠳᠤ ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ᠂ ᠪᠢᠳᠡ ᠲᠤᠰ ᠱᠠᠲᠤᠨ ᠤ | ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠳᠠᠭᠠᠨ ᠡᠷᠬᠡᠪᠰᠢ ᠰᠠᠨᠠᠯ ᠬᠤᠷᠢᠶᠠᠬᠤ᠂ ᠬᠠᠤᠯᠢ | ᠶᠣᠰᠣᠨ ᠤ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠲᠠᠪᠤᠨ | ᠴᠢᠬᠤᠯᠠ ᠪᠦᠬᠦᠢ ᠵᠢᠷᠤᠮ ᠢ ᠭᠦᠢᠴᠡᠳᠬᠡᠬᠦ ᠬᠡᠷᠡᠭᠲᠡᠢ᠂ ᠡᠭᠦᠨ ᠤ ᠵᠡᠷᠭᠡ ᠳᠤ ᠲᠥᠪ ᠭᠤᠥᠯᠴᠢ ᠪᠠᠷ ᠥᠷᠢᠰᠦᠯᠳᠦᠬᠦ ᠶᠢ | ᠬᠢᠨᠠᠨ ᠪᠠᠶᠢᠴᠠᠭᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠥᠷᠥᠯ ᠤᠨ ᠪᠢᠴᠢᠭ ᠮᠠᠲ᠋ᠧᠷᠢᠶᠠᠯ ᠢ | ᠨᠡᠶᠢᠲᠡᠯᠡᠬᠦ ᠳᠤ ᠲᠥᠪ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠲᠠᠰ ᠳᠠᠷᠠᠭᠠᠯᠠᠯ ᠢ ᠭᠦᠢᠴᠡᠳᠬᠡᠬᠦ | ᠬᠡᠷᠡᠭᠲᠡᠢ ᠪᠥᠭᠡᠳ ᠪᠠᠶᠢᠩᠭᠤ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠭᠤᠷᠪᠠᠳᠤᠭᠠᠷ ᠡᠲᠡᠭᠡᠳ ᠪᠣᠯᠭᠠᠨ | ᠣᠷᠣᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠴᠢᠩᠭᠠᠳᠬᠠᠬᠤ ᠶᠢᠨ ᠬᠠᠮᠲᠤ᠂ ᠪᠢᠳᠡ ᠠᠵᠢᠯ ᠤᠨ | ᠪᠠᠶᠢᠳᠠᠯ ᠲᠠᠢ ᠪᠠᠨ ᠤᠶᠠᠯᠳᠤᠭᠤᠯᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠮᠠᠯ | ᠬᠤᠭᠤᠴᠠᠭ᠎ᠠ ᠲᠠᠢ ᠪᠠᠷ ᠤᠳᠠᠭ᠎ᠠ ᠪᠦᠷᠢ ᠶᠢᠨ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠴᠥᠮ ᠮᠠᠨ ᠤ | ᠲᠣᠪᠴᠢᠶ᠎ᠠ ᠶᠢᠨ ᠫᠤᠷᠲ᠋ᠧᠯ ᠰᠦᠯᠵᠢᠶᠡᠨ ᠳᠡᠭᠡᠷ᠎ᠡ ᠨᠡᠶᠢᠲᠡᠯᠡᠵᠦ᠂ ᠥᠷᠭᠡᠨ ᠣᠯᠠᠨ ᠰᠦᠯᠵᠢᠶᠡᠨ ᠠᠨᠳᠠ ᠨᠠᠷ | ᠪᠠᠶᠢᠴᠠᠭᠠᠨ ᠯᠠᠪᠯᠠᠵᠤ᠂ ᠬᠢᠨᠠᠯᠲᠠ ᠲᠠᠯᠪᠢᠵᠤ ᠪᠣᠯᠣᠨ᠎ᠠ᠃ ᠢᠯᠭᠠᠷᠠᠭᠤᠯᠤᠨ ᠲᠢᠭᠯᠡᠬᠦ ᠶᠠᠪᠤᠴᠠ ᠳᠤ ᠬᠦᠴᠦᠨ ᠦᠭᠡᠢ | ᠪᠣᠯᠭᠠᠭᠰᠠᠨ᠂ ᠬᠦᠴᠦᠨ ᠦᠭᠡᠢ ᠪᠣᠯᠤᠭᠰᠠᠨ ᠢᠶᠠᠷ ᠲᠣᠭᠲᠠᠭᠠᠭᠰᠠᠨ ᠪᠢᠴᠢᠭ ᠮᠠᠲ᠋ᠧᠷᠢᠶᠠᠯ ᠢ ᠪᠢᠳᠡ ᠴᠥᠮ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠬᠤ ᠦᠭᠡᠢ᠃ ᠳᠠᠷᠠᠭᠠᠯᠠᠪᠠᠯ ᠡᠳ᠋ ᠤᠨ ᠵᠠᠰᠠᠭ ᠤᠨ | ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠲᠠᠯ᠎ᠠ ᠪᠠᠷ᠄ ᠨᠢᠭᠡ ᠲᠠᠯ᠎ᠠ ᠪᠠᠷ ᠡᠷᠬᠡ ᠬᠠᠷᠢᠭᠤᠴᠠᠯᠭ᠎ᠠ ᠶᠢᠨ ᠨᠠᠷᠢᠨ | ᠳᠠᠩᠰᠠᠨ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠡᠨᠡ ᠵᠢᠯ ᠤᠨ 11 ᠰᠠᠷ᠎ᠠ ᠳᠤ᠂ ᠪᠢᠳᠡ ᠰᠠᠶ᠋ᠢᠬᠠᠨ ︽ | ᠪᠥᠬᠦ ᠬᠤᠲᠠ ᠶᠢᠨ ᠪᠥᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠢ ᠲᠣᠬᠢᠷᠠᠭᠤᠯᠤᠯᠲᠠ ᠶᠢᠨ | ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ︽ᠥᠪᠡᠷᠲᠡᠭᠡᠨ ᠵᠠᠰᠠᠬᠤ ᠣᠷᠣᠨ ᠤ | ᠲᠣᠰ ᠮᠠᠰᠢᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ | ︶ ᠵᠢᠴᠢ ᠳᠣᠷᠣᠭᠰᠢ ᠪᠠᠭᠤᠯᠭᠠᠬᠤ ᠭᠠᠷᠴᠠᠭ ᠢ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠲᠠᠢ ᠬᠠᠷᠢᠴᠠᠭᠤᠯᠤᠨ᠂ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ | ᠲᠠᠶᠢᠯᠪᠤᠷᠢᠯᠠᠬᠤ ᠵᠡᠷᠭᠡ ᠪᠠᠶᠢᠳᠠᠯ ᠢ ᠦᠨᠳᠦᠰᠦᠯᠡᠨ᠂ ᠮᠠᠨ ᠤ ᠲᠣᠪᠴᠢᠶ᠎ᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠳᠤ ᠲᠣᠬᠢᠷᠠᠭᠤᠯᠤᠯᠲᠠ ᠬᠢᠭᠰᠡᠨ ᠪᠥᠭᠡᠳ ᠳᠡᠭᠡᠭᠰᠢ ᠮᠡᠳᠡᠭᠦᠯᠵᠦ᠂ ᠨᠤᠲᠠᠯᠠᠭᠰᠠᠨ ᠤ ᠳᠠᠷᠠᠭ᠎ᠠ ᠨᠡᠶᠢᠲᠡᠯᠡᠨ᠎ᠡ | ᠃ ᠨᠤᠶᠢᠬᠦᠭᠡ ᠲᠠᠯ᠎ᠠ ᠪᠠᠷ ᠡᠨᠡ ᠵᠢᠯ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠ︾ | ᠶᠣᠰᠣᠭᠠᠷ᠂ ᠬᠤᠲᠠ ᠶᠢᠨ ᠲᠣᠰ ᠱᠠᠲᠤᠨ ᠤ ᠭᠠᠷᠴᠠᠭ ᠤᠨ ᠲᠣᠳᠣᠷᠬᠠᠢ ᠬᠠᠭᠤᠳᠠᠰᠤ ᠶᠢ ᠨᠠᠷᠢᠯᠢᠭᠵᠢᠭᠤᠯᠤᠨ | ᠲᠡᠭᠦᠯᠳᠡᠷᠵᠢᠭᠦᠯᠵᠦ᠂ ᠤᠤᠯ ᠤᠨ ︽ᠬᠥᠬᠡᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ | ᠰᠦᠢᠳᠬᠡᠯ ᠬᠤᠷᠢᠶᠠᠬᠤ ᠲᠥᠷᠥᠯ ᠵᠦᠢᠯ ︵ᠠᠵᠤ ᠠᠬᠤᠶᠢᠯᠠᠯ ᠳᠤ ᠬᠤᠯᠪᠣᠭᠳᠠᠬᠤ︶ ᠤᠨ ᠭᠠᠷᠴᠠᠭ ᠤᠨ ᠲᠣᠳᠣᠷᠬᠠᠢ | ᠬᠠᠭᠤᠳᠠᠰᠤ︾ ᠳᠤ ᠨᠡᠶᠢᠲᠡᠯᠡᠭᠰᠡᠨ ᠰᠦᠢᠳᠬᠡᠯ ᠬᠤᠷᠢᠶᠠᠬᠤ ᠲᠥᠷᠥᠯ ᠵᠦᠢᠯ ᠪᠠ ᠲᠥᠷᠥ ᠶᠢᠨ ᠪᠣᠳᠣᠯᠭ᠎ᠠ ᠶᠢᠨ | ᠦᠨᠳᠦᠰᠦᠯᠡᠯ ᠤᠨ ᠰᠠᠭᠤᠷᠢᠨ ᠳᠡᠭᠡᠷ᠎ᠡ᠂ ᠰᠦᠢᠳᠬᠡᠯ ᠬᠤᠷᠢᠶᠠᠬᠤ ᠨᠢᠭᠡᠴᠡ ᠪᠠ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠰᠢᠨ᠎ᠡ ᠪᠠᠷ ᠨᠡᠮᠡᠵᠦ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠫᠤᠷᠲ᠋ᠧᠯ | ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠰᠢᠨ᠎ᠡ ︽ᠭᠠᠷᠴᠠᠭ ᠤᠨ ᠨᠠᠷᠢᠨ ᠲᠠᠩᠰᠠ︾ ᠶᠢ | ᠲᠣᠬᠢᠷᠠᠭᠤᠯᠤᠨ ᠲᠡᠭᠦᠯᠳᠡᠷᠵᠢᠭᠦᠯᠦᠭᠰᠡᠨ ᠨᠢ ᠰᠦᠢᠳᠬᠡᠯ ᠲᠤᠰᠢᠶᠠᠬᠤ ᠠᠵᠤ ᠠᠬᠤᠶᠢᠯᠠᠯ ᠪᠠ ᠬᠤᠪᠢ ᠬᠥᠮᠥᠨ ᠤ | ᠬᠥᠬᠡᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ᠂ | ᠰᠦᠢᠳᠬᠡᠯ ᠬᠤᠷᠢᠶᠠᠬᠤ ᠨᠢᠭᠡᠴᠡ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ | ᠣᠶᠢᠯᠠᠭᠠᠬᠤ ᠳᠤ ᠲᠥᠬᠦᠮ ᠪᠣᠯᠭᠠᠵᠤ᠂ ᠠᠵᠤ ᠠᠬᠤᠶᠢᠯᠠᠯ ᠪᠠ ᠬᠤᠪᠢ ᠬᠥᠮᠥᠨ ᠢ ᠳᠤᠲᠠᠭᠤ ᠭᠦᠶᠦᠯᠭᠡᠵᠦ᠂ | ᠳᠤᠲᠠᠭᠤ ᠠᠰᠠᠭᠤᠨ ᠯᠠᠪᠯᠠᠵᠤ᠂ ᠭᠤᠭᠴᠤᠭ᠎ᠠ ᠶᠢ ᠴᠥᠭᠡᠳᠬᠡᠵᠦ᠂ ︽ᠨᠢᠭᠡ ᠬᠠᠭᠤᠳᠠᠰᠤ ᠨᠠᠷᠢᠨ ᠲᠠᠩᠰᠠ ᠶᠢ | ᠪᠦᠷᠢᠨ ᠪᠦᠷᠬᠦᠭᠦᠯᠬᠦ︾ ᠶᠢ ᠪᠡᠶᠡᠯᠡᠭᠦᠯᠬᠦ ᠳᠤ ᠲᠥᠬᠦᠮ ᠪᠣᠯᠭᠠᠵᠠᠢ᠃ ᠡᠴᠦᠰ ᠲᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠠᠯ᠎ᠠ ᠪᠠᠷ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠤᠨ ᠬᠠᠮᠢᠶ᠎ᠠ ᠪᠦᠬᠦᠢ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠬᠡᠷᠡᠭᠵᠢᠭᠦᠯᠦᠨ᠂ ︽ᠢᠨᠲ᠋ᠧᠷ ᠰᠦᠯᠵᠢᠶ᠎ᠡ + ᠬᠢᠨᠠᠯᠲᠠ | ᠬᠠᠮᠢᠶᠠᠷᠤᠯᠲᠠ︾᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠠᠪᠴᠠᠩ᠂ ︽ᠬᠤᠶᠠᠷ ᠢ | ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾ ᠵᠡᠷᠭᠡ ᠬᠠᠤᠯᠢ ᠬᠡᠷᠡᠭᠵᠢᠭᠦᠯᠬᠦ ᠲᠠᠪᠴᠠᠩ ᠤᠨ ᠬᠡᠷᠡᠭᠯᠡᠯᠲᠡ ᠳᠤ | ᠬᠠᠮᠵᠢᠯᠴᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ | ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠳᠦᠷᠢᠮ ᠤᠨ ᠬᠢᠨᠠᠨ | ᠬᠠᠷᠭᠤᠭᠤᠯᠬᠤ ᠶᠢ ᠪᠡᠶᠡᠯᠡᠭᠦᠯᠦᠨ᠎ᠡ᠃ | ᠬᠥᠲᠥᠯᠥᠭᠴᠢ ᠄ | ᠡᠳ᠋ ᠤᠨ ᠵᠠᠰᠠᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠰᠠᠶ᠋ᠢᠬᠠᠨ ᠳᠤᠷᠠᠳᠤᠭᠠᠳ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠪᠠᠰᠠ | ᠰᠠᠶ᠋ᠢᠬᠠᠨ ᠲᠡᠭᠦᠰᠪᠡ᠂ ᠡᠨᠡ ᠵᠢᠯ ᠮᠠᠨ ᠤ ᠡᠳ᠋ ᠤᠨ ᠵᠠᠰᠠᠭ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠶᠠᠮᠠᠷ ᠶᠠᠮᠠᠷ ᠠᠵᠢᠯᠯᠠᠭ᠎ᠠ ᠥᠷᠨᠢᠭᠦᠯᠦᠭᠰᠡᠨ ᠪᠤᠢ︖ | ᠬᠠᠤᠯᠢ ᠲᠣᠭᠲᠠᠭᠠᠯ ᠤᠨ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ᠯᠢ ᠰᠧ ᠶᠣᠣ : | ᠡᠨᠡ ᠨᠢᠭᠡ ᠵᠢᠯ ᠳᠤ ᠪᠢᠳᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠨᠡᠯᠢᠶᠡᠳ | ᠪᠠᠶᠠᠯᠢᠭ ᠠᠵᠢᠯᠯᠠᠭ᠎ᠠ ᠶᠢ ᠥᠷᠨᠢᠭᠦᠯᠪᠡ᠂ ᠡᠭᠦᠨ ᠳᠤ ᠡᠳ᠋ ᠤᠨ ᠵᠠᠰᠠᠭ ᠤᠨ ᠺᠠᠳ᠋ᠷ ᠠᠵᠢᠯᠲᠠᠨ ᠠᠵᠢᠯᠴᠢᠨ ᠳᠤ | ᠬᠠᠨᠳᠤᠭᠤᠯᠤᠭᠰᠠᠨ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ᠂ ᠰᠢᠯᠭᠠᠯᠲᠠ᠂ ᠶᠡᠭᠡ ᠮᠥᠷᠥᠶᠢᠴᠡᠭᠡᠨ ᠪᠠᠶᠢᠬᠤ | ᠮᠥᠷᠲᠡᠭᠡᠨ ᠪᠠᠰᠠ ᠲᠥᠰᠥᠪ ᠤᠨ ᠨᠢᠭᠡᠴᠢ ᠳᠤ ᠬᠠᠨᠳᠤᠭᠤᠯᠤᠭᠰᠠᠨ ᠪᠣᠯᠪᠠᠰᠤᠷᠠᠭᠤᠯᠤᠯ᠂ ᠤᠬᠠᠭᠤᠯᠤᠨ | ᠲᠠᠶᠢᠯᠪᠤᠷᠢᠯᠠᠯᠲᠠ ᠪᠠᠶᠢᠬᠤ ᠮᠥᠷᠲᠡᠭᠡᠨ ᠪᠠᠰᠠ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠪᠠᠶᠢᠨ᠎ᠠ᠃ 5 ᠰᠠᠷ᠎ᠠ ᠶᠢᠨ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ | ᠰᠠᠷ᠎ᠠ ᠳᠤ᠂︽ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠰᠤᠷᠤᠯᠴᠠᠬᠤ ᠳᠤ ᠵᠣᠭᠰᠣᠴᠠ ᠲᠠᠢ᠂ ᠰᠠᠬᠢᠯᠭ᠎ᠠ ᠪᠠᠲᠤ ᠶᠢ | ᠲᠣᠳᠣᠷᠬᠠᠢ ᠮᠡᠳᠡᠬᠦ ᠳᠤ ᠴᠡᠭᠡᠷ ᠲᠠᠢ - ᠬᠠᠤᠯᠢ ᠰᠠᠬᠢᠯᠭ᠎ᠠ ᠶᠢᠨ ᠲᠤᠰᠬᠠᠢ ᠰᠡᠳᠦᠪᠲᠦ ᠲᠠᠶᠢᠯᠤᠮᠵᠢ︾ ᠶᠢ ᠡᠷᠬᠢᠯᠡᠵᠦ᠂ | ᠢᠷᠭᠡᠨ ᠤ ᠬᠠᠤᠯᠢ ᠶᠢᠨ ᠪᠢᠴᠢᠭ ᠤᠨ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠪᠣᠯᠣᠨ ᠬᠠᠤᠯᠢ ᠶᠣᠰᠣᠭᠠᠷ ᠵᠠᠰᠠᠭ ᠶᠠᠪᠤᠭᠤᠯᠬᠤ ᠲᠤᠬᠠᠢ ᠰᠢᠨ᠎ᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠤᠬᠠᠭᠤᠯᠤᠨ | ᠰᠤᠷᠤᠯᠴᠠᠪᠠ᠃ 6 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠠᠶᠢᠬᠠᠨ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠭᠤᠷᠪᠠᠨ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ | ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠲᠠᠯᠠᠪᠠᠶ ᠳᠤ ︽ᠦᠨᠡᠨᠴᠢ ᠢᠲᠡᠭᠡᠮᠵᠢ ᠪᠠᠨ ᠪᠠᠲᠤ | ᠰᠠᠬᠢᠵᠤ᠂ ᠲᠥᠪ ᠴᠢᠬᠡᠴᠢ ᠪᠠᠷ ᠰᠢᠨ᠎ᠡ ᠶᠢ ᠡᠭᠦᠳᠬᠦ - ᠨᠢᠭᠲᠠᠯᠠᠨ ᠪᠤᠳᠤᠭᠴᠢ ᠶᠢᠨ ᠠᠵᠢᠯ ᠮᠡᠷᠭᠡᠵᠢᠯ ᠤᠨ ᠶᠣᠰᠣ | ᠮᠣᠷᠠᠯ ᠤᠨ ᠵᠢᠷᠤᠮᠵᠢᠯ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠨᠡᠶᠢᠭᠡᠮ ᠨᠡᠶᠢᠲᠡ ᠶᠢᠨ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠮᠡᠳᠡᠷᠡᠬᠦ ᠰᠡᠳᠬᠢᠯᠭᠡ | ᠪᠠ ᠵᠢᠷᠤᠮᠯᠠᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠪᠡ᠃ 8 ᠰᠠᠷ᠎ᠠ ᠳᠤ ᠬᠡᠰᠡᠭ ᠡᠳ᠋ ᠤᠨ ᠵᠠᠰᠠᠭ ᠤᠨ ᠺᠠᠳ᠋ᠷᠴᠤᠳ ᠢ | ᠵᠣᠬᠢᠶᠠᠨ ᠪᠠᠶᠢᠭᠤᠯᠤᠨ ᠵᠠᠰᠠᠭ ᠵᠠᠬᠢᠷᠭᠠᠨ ᠤ ᠵᠠᠷᠭᠤ ᠶᠢᠨ ᠲᠢᠩᠬᠢᠮ ᠤᠨ ᠰᠢᠭᠦᠯᠲᠡ ᠶᠢ ᠰᠤᠯᠠ ᠰᠣᠨᠣᠰᠤᠭᠤᠯᠵᠤ᠂ | ᠡᠳ᠋ ᠤᠨ ᠵᠠᠰᠠᠭ ᠤᠨ ᠺᠠᠳ᠋ᠷᠴᠤᠳ ᠤᠨ ᠬᠠᠤᠯᠢ ᠴᠠᠭᠠᠵᠠ ᠶᠢ ᠳᠡᠭᠡᠳᠦᠯᠡᠬᠦ ᠦᠵᠡᠯᠲᠡ ᠶᠢ ᠤᠯᠠᠮ ᠨᠢᠭᠡ ᠠᠯᠬᠤᠮ ᠪᠤᠢ | ᠪᠣᠯᠭᠠᠵᠤ᠂ ᠵᠢᠷᠤᠮ ᠤᠨ ᠤᠬᠠᠮᠰᠠᠷ ᠪᠠ ᠭᠡᠷᠡᠴᠢ ᠪᠠᠷᠢᠮᠲᠠ ᠶᠢᠨ ᠤᠬᠠᠮᠰᠠᠷ ᠢ ᠴᠢᠩᠭᠠᠳᠬᠠᠪᠠ᠃ 10 ᠰᠠᠷ᠎ᠠ ᠳᠤ᠂ ᠪᠥᠬᠦ | ᠬᠤᠲᠠ ᠶᠢᠨ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ︽ᠶᠡᠭᠡ | ᠮᠥᠷᠥᠶᠢᠴᠡᠭᠡᠨ︾ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ᠨᠢᠭᠡ ᠰᠠᠯᠠᠭ᠎ᠠ ᠲᠥᠯᠥᠭᠡᠯᠡᠭᠴᠢᠳ ᠤᠨ | ᠠᠩᠭᠢ ᠶᠢ ᠰᠣᠩᠭᠤᠨ ᠲᠣᠮᠢᠯᠠᠵᠤ ᠪᠥᠬᠦ ᠣᠷᠣᠨ ᠤ ᠡᠳ᠋ ᠤᠨ ᠵᠠᠰᠠᠭ ᠤᠨ ᠰᠢᠰᠲ᠋ᠧᠮ ᠤᠨ ︽ᠬᠠᠤᠯᠢ ᠲᠣᠭᠲᠠᠭᠠᠯ ᠢ | ᠰᠤᠷᠤᠯᠴᠠᠵᠤ ᠰᠠᠭᠤᠷᠢ ᠶᠢ ᠪᠠᠲᠤᠳᠬᠠᠵᠤ᠂ ᠴᠢᠳᠠᠪᠤᠷᠢ ᠪᠠᠨ ᠴᠢᠩᠭᠠᠳᠬᠠᠨ ᠳᠡᠭᠡᠭᠰᠢᠯᠡᠭᠦᠯᠬᠦ ᠶᠢ ᠠᠬᠢᠭᠤᠯᠬᠤ︾ ᠶᠡᠭᠡ | ᠮᠥᠷᠥᠶᠢᠴᠡᠭᠡᠨ ᠳᠤ ᠣᠷᠣᠯᠴᠠᠭᠤᠯᠪᠠ᠃ ᠪᠦᠬᠦ ᠣᠷᠣᠨ ᠤ ᠴᠡᠷᠢᠭ ᠤᠨ ᠡᠷᠳᠡᠮ ᠤᠨ ᠮᠥᠷᠥᠶᠢᠴᠡᠭᠡᠨ ᠳᠤ ᠮᠠᠨ ᠤ | ᠲᠣᠪᠴᠢᠶ᠎ᠠ ᠭᠤᠷᠪᠠᠳᠤᠭᠠᠷ ᠳᠡᠰ ᠤᠨ ᠱᠠᠩᠨᠠᠯ ᠤᠨ ᠰᠠᠢᠨ ᠬᠢᠷᠢ ᠪᠦᠲᠦᠮᠵᠢ ᠣᠯᠵᠠᠢ᠃ ︽ᠶᠡᠭᠡ ᠪᠠᠷ ᠮᠥᠷᠥᠶᠢᠴᠡᠬᠦ︾ | ᠠᠵᠢᠯᠯᠠᠭ᠎ᠠ ᠪᠠᠷ ᠲᠣᠬᠢᠶᠠᠯ ᠪᠣᠯᠭᠠᠨ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠢᠳᠡᠪᠬᠢᠵᠢᠯ ᠢ ᠳᠡᠭᠡᠭᠰᠢᠯᠡᠭᠦᠯᠵᠦ᠂ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠪᠠ ᠲᠠᠨᠢᠯᠲᠠ ᠪᠠᠨ | ᠭᠦᠨᠵᠡᠭᠡᠶᠢᠷᠡᠭᠦᠯᠦᠨ᠎ᠡ᠃ ᠰᠠᠶ᠋ᠢᠬᠠᠨ ᠥᠩᠭᠡᠷᠡᠭᠰᠡᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠲᠤ᠂ ᠮᠠᠨ ᠤ | ᠲᠣᠪᠴᠢᠶ᠎ᠠ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ | ᠬᠠᠤᠯᠢᠵᠢᠯ ᠤᠨ ᠰᠣᠶᠣᠯ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠦᠨᠳᠦᠰᠦᠨ ᠬᠠᠤᠯᠢ ᠵᠡᠷᠭᠡ ᠪᠠᠷ | ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠪᠦᠬᠦ ᠲᠠᠯ᠎ᠠ ᠳᠤ | ᠦᠨᠳᠦᠰᠦᠨ ᠬᠠᠤᠯᠢ ᠶᠢᠨ ᠰᠤᠷᠤᠯᠴᠠᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠨ | ᠬᠠᠤᠯᠢ ᠶᠢᠨ ᠵᠣᠷᠢᠭ ᠰᠠᠨᠠᠭ᠎ᠠ ᠪᠠ ᠬᠠᠤᠯᠢ ᠪᠠᠷ ᠵᠠᠰᠠᠬᠤ ᠬᠦᠴᠦᠨ ᠢ ᠤᠬᠠᠭᠤᠯᠤᠨ᠎ᠠ᠃ | ᠬᠥᠲᠥᠯᠥᠭᠴᠢ : | ᠣᠶᠢᠷ᠎ᠠ ᠶᠢᠨ ᠵᠢᠯ ᠠᠴᠠ ᠨᠠᠰᠢ ︽ᠣᠯᠠᠨ ᠲᠦᠮᠡᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ | ᠢᠯᠡᠭᠦᠬᠡᠨ ᠭᠦᠶᠦᠯᠭᠡᠬᠦ︾ ᠶᠠᠷᠢᠶᠠᠨ ᠤ ᠰᠡᠳᠦᠪ ᠥᠷᠭᠡᠨ ᠢᠶᠠᠷ ᠠᠩᠬᠠᠷᠤᠭᠳᠠᠵᠤ ᠪᠠᠶᠢᠨ᠎ᠠ᠂ ᠤᠴᠢᠷ ᠶᠠᠪᠤᠳᠠᠯ | ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠬᠦ ᠪᠠ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ | ᠰᠢᠯᠢᠳᠡᠭᠵᠢᠭᠦᠯᠬᠦ ᠨᠢ ᠣᠯᠠᠨ ᠲᠦᠮᠡᠨ ᠤ ᠪᠠᠭ᠎ᠠ ᠪᠤᠰᠤ ᠶᠠᠷᠰᠢᠭ ᠲᠦᠪᠡᠭ ᠢ ᠪᠠᠭᠠᠰᠬᠠᠭᠰᠠᠨ ᠢᠶᠠᠷ ᠪᠠᠷᠠᠬᠤ ᠦᠭᠡᠢ᠂ | ᠨᠡᠩ ᠴᠤ ᠮᠠᠨ ᠤ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠣᠶᠢᠷᠠᠲᠤᠭᠤᠯᠬᠤ ᠳᠤ ᠠᠰᠢᠭᠲᠠᠢ ᠶᠤᠮ᠃ ᠮᠠᠨ ᠤ | ᠣᠷᠣᠨ ᠤ ᠲᠥᠪ ᠤᠨ ᠡᠳ᠋ ᠤᠨ ᠵᠠᠰᠠᠭ ᠡᠨᠡ ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠤᠢ︖ | ᠬᠠᠤᠯᠢ ᠲᠣᠭᠲᠠᠭᠠᠯ ᠤᠨ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ᠯᠢ ᠰᠧ ᠶᠣᠣ ᠄ | ᠡᠳ᠋ ᠤᠨ ᠵᠠᠰᠠᠭ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ ᠶᠢ ᠠᠬᠢᠭᠤᠯᠬᠤ ᠶᠢᠨ | ᠲᠥᠯᠥᠭᠡ᠂ ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠬᠤ᠂ ᠠᠷᠠᠳ ᠤᠨ ᠲᠥᠯᠥᠭᠡ ᠨᠠᠩ ᠰᠠᠶᠢᠨ | ᠦᠢᠯᠡᠴᠢᠯᠡᠵᠦ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ | ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ ︽ᠬᠤᠶᠠᠷ ᠰᠢᠯᠢᠳᠡᠭ︾ ᠤᠨ ᠠᠵᠢᠯ ᠢ | ᠭᠦᠨᠵᠡᠭᠡᠢ ᠥᠷᠨᠢᠭᠦᠯᠵᠦ᠂ ᠲᠣᠰ ᠨᠢᠭᠡᠴᠡ ᠶᠢᠨ ᠢᠶᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ᠂ ᠣᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠵᠢᠯ ᠶᠠᠪᠤᠳᠠᠯ ᠭᠦᠢᠴᠡᠳᠬᠡᠬᠦ | ᠵᠢᠷᠤᠮ ᠢ ᠪᠥᠬᠦ ᠲᠠᠯ᠎ᠠ ᠪᠠᠷ ᠳᠥᠭᠦᠮᠴᠢᠯᠡᠨ᠂ ᠴᠢᠬᠤᠯᠠ ᠨᠥᠬᠦᠴᠡᠯ ᠢ ᠴᠣᠮᠬᠠᠳᠬᠠᠵᠤ᠂ ᠴᠠᠭ ᠤᠨ ᠬᠢᠵᠠᠭᠠᠷ ᠢ | ᠪᠠᠭᠠᠰᠬᠠᠨ᠂ ︽ᠬᠤᠶᠠᠷ ᠰᠢᠯᠢᠳᠡᠭ︾ ᠤᠨ ᠨᠠᠷᠢᠨ ᠲᠠᠩᠰᠠ ᠶᠢ ᠪᠦᠷᠢᠨ ᠪᠦᠲᠦᠨ᠂ ᠴᠠᠭ ᠲᠤᠬᠠᠢ ᠳᠤᠨᠢ᠂ | ᠵᠢᠷᠤᠮᠵᠢᠯ ᠲᠠᠢ ᠪᠠᠷ ᠨᠠᠶᠢᠷᠠᠭᠤᠯᠤᠨ ᠵᠣᠬᠢᠶᠠᠪᠠ᠃ ᠮᠠᠨ ᠤ ᠲᠣᠪᠴᠢᠶ᠎ᠠ ᠶᠢᠨ ᠣᠲᠣ ᠪᠠᠶᠢᠭ᠎ᠠ ᠪᠠᠶᠢᠭᠠᠯᠢ ᠬᠥᠮᠥᠨ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠰᠢᠭᠤᠳ ᠬᠠᠨᠳᠤᠭᠤᠯᠤᠭᠰᠠᠨ ᠬᠢᠨᠠᠨ | ᠬᠠᠮᠢᠶᠠᠷᠤᠯᠲᠠ ᠪᠠ ᠦᠢᠯᠡᠴᠢᠯᠡᠭᠡᠨ ᠤ ᠵᠦᠢᠯᠡᠰ ᠨᠡᠶᠢᠲᠡ 68 ᠵᠦᠢᠯ ᠢ ᠡᠮᠬᠢᠯᠡᠨ ᠭᠠᠷᠭᠠᠵᠤ᠂ ︽ᠡᠭᠦᠷᠭᠡ ᠴᠢᠳᠠᠪᠤᠷᠢ | ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ ᠡᠷᠬᠡ ᠶᠢ ᠬᠠᠰᠤᠵᠤ ᠡᠷᠬᠡ ᠶᠢ ᠳᠣᠷᠣᠭᠰᠢ ᠪᠠᠭᠤᠯᠭᠠᠬᠤ ᠨᠠᠷᠢᠨ | ᠲᠠᠩᠰᠠ︾ ᠶᠢ ᠨᠠᠶᠢᠷᠠᠭᠤᠯᠤᠨ ᠮᠡᠳᠡᠭᠦᠯᠵᠦ᠂ ᠡᠴᠦᠰ ᠲᠤᠨᠢ ᠲᠤᠯᠲᠠᠯ᠎ᠠ ᠲᠤᠭ᠎ᠠ ᠶᠢ ᠲᠣᠳᠣᠷᠬᠠᠶᠢᠯᠠᠨ᠂ ᠵᠦᠢᠯᠡᠰ ᠢ | ᠲᠣᠳᠣᠷᠬᠠᠢ ᠪᠣᠯᠭᠠᠪᠠ᠃ ᠡᠭᠦᠨ ᠤ ᠬᠠᠮᠲᠤ᠂ ᠵᠦᠢᠯᠡᠰ ᠤᠨ ᠰᠢᠨᠵᠢ ᠴᠢᠨᠠᠷ ᠢ ᠦᠨᠳᠦᠰᠦᠯᠡᠨ᠂ ᠲᠣᠰ ᠲᠣᠰ | ᠲᠣᠬᠢᠷᠠᠮᠵᠢᠲᠠᠢ ᠠᠷᠭ᠎ᠠ ᠮᠠᠶ᠋ᠢᠭ ᠢ ᠠᠪᠴᠤ ᠴᠤᠪᠤᠷᠠᠯ ᠢ ᠰᠢᠯᠢᠳᠡᠭᠵᠢᠭᠦᠯᠦᠨ᠎ᠡ᠄ ᠠᠰᠢᠭ ᠬᠤᠨᠵᠢᠪᠤᠷᠢ ᠶᠢᠨ ᠪᠤᠰᠤ | ᠵᠣᠬᠢᠶᠠᠨ ᠪᠠᠶᠢᠭᠤᠯᠤᠯᠲᠠ ᠶᠢᠨ ᠭᠠᠶᠢᠯᠢ ᠠᠴᠠ ᠬᠡᠯᠲᠦᠷᠢᠭᠦᠯᠬᠦ ᠬᠢᠷᠢ ᠬᠡᠮ ᠢ ᠮᠠᠭᠠᠳᠯᠠᠨ ᠲᠣᠭᠲᠠᠭᠠᠬᠤ ᠵᠦᠢᠯᠡᠰ ᠲᠤ | ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠮᠲᠤ ᠪᠠᠷ ᠡᠳ᠋ᠯᠡᠬᠦ ᠮᠠᠲ᠋ᠧᠷᠢᠶᠠᠯ ᠢ ᠠᠪᠴᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ᠭᠦᠢᠴᠡᠳᠬᠡᠬᠦ ᠴᠠᠭ ᠢ ᠪᠠᠭᠠᠰᠬᠠᠬᠤ ᠠᠷᠭ᠎ᠠ ᠮᠠᠶ᠋ᠢᠭ ᠢ | ᠠᠪᠴᠤ᠂ ᠬᠠᠷᠢᠴᠠᠩᠭᠤᠢ ᠬᠥᠮᠥᠨ ᠤ ᠳᠠᠷᠤᠭᠠᠰᠤ ᠶᠢ ᠬᠥᠩᠭᠡᠷᠡᠭᠦᠯᠦᠨ᠎ᠡ᠃ ︽ᠬᠤᠶᠠᠷ ᠰᠢᠯᠢᠳᠡᠭ︾ ᠤᠨ ᠠᠵᠢᠯ ᠢ | ᠥᠷᠨᠢᠭᠦᠯᠬᠦ ᠶᠠᠪᠤᠴᠠ ᠳᠤ᠂ ︽ᠬᠤᠶᠠᠷ ᠰᠢᠯᠢᠳᠡᠭ︾ ᠤᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ | ᠨᠠᠷᠢᠨ ᠨᠢᠮᠪᠠᠢ ᠪᠠᠶᠢᠷᠢᠯᠠᠭᠤᠯᠤᠨ᠂ ᠲᠠᠩᠰᠠ ᠮᠡᠳᠡᠭᠦᠯᠬᠦ ᠦᠵᠡᠯ ᠤᠬᠠᠮᠰᠠᠷ᠂ ᠡᠪᠬᠡᠮᠡᠯ ᠲᠤᠰᠢᠶᠠᠬᠤ ᠦᠵᠡᠯ ᠤᠬᠠᠮᠰᠠᠷ | ᠂ ᠦᠷ᠎ᠡ ᠪᠦᠲᠦᠭᠡᠯ ᠤᠨ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠰᠢᠯᠢᠳᠡᠭ︾ ᠤᠨ | ᠠᠵᠢᠯ ᠢ ᠠᠬᠢᠭᠤᠯᠬᠤ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ ᠵᠦᠢᠯ ᠳᠠᠷᠠᠭᠠᠯᠠᠨ ᠰᠢᠢᠳᠪᠦᠷᠢᠯᠡᠵᠦ᠂ ︽ | ᠬᠤᠶᠠᠷ ᠰᠢᠯᠢᠳᠡᠭ︾ ᠤᠨ ᠨᠠᠷᠢᠨ ᠬᠠᠭᠤᠳᠠᠰᠤ ᠶᠢ ᠡᠮᠬᠢᠯᠡᠵᠦ ᠨᠠᠶᠢᠷᠠᠭᠤᠯᠤᠨ ᠵᠣᠬᠢᠶᠠᠬᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠵᠤ᠂ ᠠᠵᠢᠯᠯᠠᠭᠠᠨ ᠢ ᠤᠷᠤᠭᠰᠢᠲᠠᠢ ᠶᠠᠪᠤᠭᠳᠠᠭᠤᠯᠵᠤ᠂ ᠴᠠᠭ ᠲᠤᠬᠠᠢ | ᠳᠤᠨᠢ ᠳᠡᠭᠡᠭᠰᠢ ᠮᠡᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠬᠥᠲᠥᠯᠥᠭᠴᠢ ᠄ | ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ᠬᠠᠤᠯᠢ ᠪᠠᠷ ᠵᠠᠰᠠᠬᠤ ᠵᠠᠮ ᠢᠶᠠᠷ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢ | ᠪᠠᠷᠢᠮᠲᠠᠯᠠᠵᠤ᠂ ᠡᠯ᠎ᠡ ᠲᠥᠷᠥᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠥᠷᠥᠩᠭᠡ ᠪᠣᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠴᠢᠬᠤᠯᠠ ᠪᠦᠷᠢᠯᠳᠦᠭᠦᠨ | ᠬᠡᠰᠡᠭ ᠮᠥᠨ᠂ ᠨᠠᠮ ᠪᠠ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠪᠣᠳᠠᠰ ᠤᠨ ᠰᠠᠭᠤᠷᠢ ᠪᠠ | ᠴᠢᠬᠤᠯᠠ ᠪᠠᠲᠤᠯᠠᠭ᠎ᠠ ᠮᠥᠨ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠤᠯᠢ ᠲᠣᠭᠲᠠᠭᠠᠬᠤ ᠠᠵᠢᠯ ᠢ ᠲᠦᠯᠬᠢᠨ ᠠᠬᠢᠭᠤᠯᠬᠤ ᠨᠢ ᠮᠠᠨ ᠤ ᠮᠡᠳᠡᠭᠡᠵᠢ ᠪᠠᠷ᠂ 2021 | ᠣᠨ ᠤ 2 ᠰᠠᠷ᠎ᠠ ᠶᠢᠨ 1 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠵᠠᠰᠠᠭ ᠵᠠᠬᠢᠷᠭᠠᠨ ᠤ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠢ | ᠨᠡᠶᠢᠲᠡᠯᠡᠪᠡ᠂ ᠡᠭᠦᠨ ᠠᠴᠠ ᠰᠡᠭᠦᠯᠡᠷ᠂ ᠬᠥᠬᠡᠬᠤᠲᠠ ᠶᠢᠨ ᠡᠳ᠋ ᠤᠨ ᠵᠠᠰᠠᠭ ᠠᠴᠠ ︽ᠳᠦᠷᠢᠮ︾ ᠢ ᠬᠡᠷᠬᠢᠨ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠶ︖ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠬᠠᠨ ᠵᠢᠶᠧ᠄ | 2021 ᠣᠨ ᠤ 2 ᠰᠠᠷ᠎ᠠ ᠶᠢᠨ 1 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ 2021 ᠣᠨ ᠤ 4 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠳᠦᠷᠢᠮ︾ ᠪᠣᠯ ᠮᠠᠨ ᠤ ᠤᠯᠤᠰ ᠤᠨ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠩᠬᠠᠳᠠᠭᠴᠢ ᠵᠠᠰᠠᠭ ᠵᠠᠬᠢᠷᠭᠠᠨ ᠤ ᠬᠠᠤᠯᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠬᠢᠴᠠ ᠳᠤ ᠬᠥᠰᠢᠶ᠎ᠡ ᠳᠤᠷᠠᠰᠬᠠᠯ ᠤᠨ | ᠴᠢᠨᠠᠷᠲᠠᠢ ᠠᠴᠢ ᠬᠤᠯᠪᠣᠭᠳᠠᠯ ᠲᠠᠢ ᠶᠤᠮ᠂ ᠡᠨᠡ ᠨᠢ ᠮᠠᠨ ᠤ ᠤᠯᠤᠰ ᠤᠨ ᠠᠮᠤᠷ ᠲᠦᠪᠰᠢᠨ ᠵᠢᠷᠤᠮᠵᠢᠭᠰᠠᠨ᠂ | ᠠᠷᠪᠢᠲᠠᠢ ᠪᠥᠭᠡᠳ ᠥᠨᠳᠥᠷ ᠪᠦᠲᠦᠮᠵᠢᠲᠡᠢ᠂ ᠢᠯᠡ ᠲᠣᠳᠣ᠂ ᠡᠷᠬᠡ ᠬᠠᠷᠢᠭᠤᠴᠠᠯᠭ᠎ᠠ ᠨᠢᠭᠡᠳᠦᠯᠲᠡᠢ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠨ ᠪᠠᠶᠢᠭᠤᠯᠵᠤ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠠᠰᠠᠯᠲᠠ ᠶᠢᠨ ᠲᠦᠪᠰᠢᠨ ᠪᠣᠯᠣᠨ ᠵᠠᠰᠠᠯᠲᠠ ᠶᠢᠨ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠲᠠᠯ᠎ᠠ ᠪᠠᠷ ᠨᠡᠩ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ ᠢ ᠬᠤᠲᠠ | ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠰᠠᠯᠠᠭ᠎ᠠ ᠮᠥᠴᠢᠷ ᠢ ᠬᠤᠯᠪᠣᠭᠳᠠᠯ ᠪᠦᠬᠦᠢ ᠠᠵᠢᠯ ᠢ | ᠬᠢᠨᠠᠮᠠᠭᠠᠢ ᠰᠠᠶᠢᠨ ᠬᠢᠬᠦ ᠬᠡᠷᠡᠭᠲᠡᠢ ᠭᠡᠵᠦ ᠱᠠᠭᠠᠷᠳᠠᠭᠰᠠᠭᠠᠷ ᠢᠷᠡᠵᠡᠶ᠃ ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠮᠠᠨ ᠤ ᠲᠣᠪᠴᠢᠶ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠢᠳᠡᠪᠬᠢᠲᠡᠢ ᠥᠷᠨᠢᠭᠦᠯᠪᠡ᠃ ᠨᠢᠭᠡ ᠳᠤ ︽ᠳᠦᠷᠢᠮ︾ ᠢ ᠲᠠᠶᠢᠯᠪᠤᠷᠢᠯᠠᠬᠤ᠂ ᠪᠣᠯᠪᠠᠰᠤᠷᠠᠭᠤᠯᠬᠤ᠂ ᠵᠢᠯᠣᠭᠤᠳᠤᠨ | ᠦᠢᠯᠡᠴᠢᠯᠡᠬᠦ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ︽ᠳᠦᠷᠢᠮ | ︾ ᠢ ᠲᠤᠭᠤᠷᠪᠢᠭᠰᠠᠨ ᠪᠠᠶᠢᠳᠠᠯ᠂ ᠭᠤᠣᠯ ᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ | ᠲᠣᠭᠤᠷᠢᠨ ᠳᠤ᠂ ᠲᠡᠷᠡ ᠳᠠᠷᠤᠢ ᠳᠤᠨᠢ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠠᠵᠢᠯ ᠤᠨ ᠪᠦᠯᠦᠭ | ᠵᠡᠷᠭᠡ ᠲᠠᠪᠴᠠᠩ ᠢᠶᠠᠷ ᠳᠠᠮᠵᠢᠭᠤᠯᠤᠨ ᠰᠢᠯᠵᠢᠭᠦᠯᠦᠨ ᠨᠡᠶᠢᠲᠡᠯᠡᠵᠦ ᠬᠦᠷᠭᠡᠨ᠂ ᠰᠦᠯᠵᠢᠶ᠎ᠡ ᠶᠢ ᠠᠰᠢᠭᠯᠠᠨ | ᠰᠤᠷᠤᠯᠴᠠᠯᠭ᠎ᠠ᠂ ᠪᠣᠯᠪᠠᠰᠤᠷᠠᠭᠤᠯᠤᠯ ᠪᠠ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ | ᠨᠢᠭᠡᠴᠡ ᠶᠢᠨ ᠶᠡᠭᠡ ᠲᠢᠩᠬᠢᠮ ᠳᠤ LED ᠲᠣᠮᠣ ᠳᠡᠯᠭᠡᠴᠡ ᠪᠠᠷ ᠳᠠᠮᠵᠢᠭᠤᠯᠤᠨ ︽ᠳᠦᠷᠢᠮ︾ ᠤᠨ ᠤᠬᠠᠭᠤᠯᠭ᠎ᠠ ᠶᠢᠨ | ᠣᠬᠤᠷ ᠹᠢᠯᠢᠮ ᠢ ᠨᠠᠪᠲᠠᠷᠡᠭᠦᠯᠵᠦ᠂ ᠲᠦᠷᠦ ᠶᠢᠨ ᠪᠣᠳᠣᠯᠭ᠎ᠠ ᠶᠢ ᠣᠶᠢᠯᠠᠭᠠᠬᠤ ᠨᠤᠷᠮ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠤᠶᠠᠷ ᠲᠤ᠂︽ᠳᠦᠷᠢᠮ︾ ᠢ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ | ᠬᠠᠮᠢᠶᠠᠷᠤᠯᠲᠠ ᠶᠢᠨ ᠳᠦᠷᠢᠮ ᠢ ᠴᠡᠪᠡᠷᠯᠡᠵᠦ᠂ ᠮᠠᠨ ᠤ ᠬᠤᠲᠠ ᠶᠢᠨ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ︽ᠬᠡᠨ ᠲᠣᠭᠲᠠᠭᠠᠭᠰᠠᠨ ᠪᠣᠯ ᠲᠡᠷᠡ ᠢᠯᠭᠠᠷᠠᠭᠤᠯᠬᠤ︾ ᠵᠠᠷᠴᠢᠮ ᠶᠣᠰᠣᠭᠠᠷ᠂ ᠮᠠᠨ ᠤ | ᠬᠤᠲᠠ ᠶᠢᠨ ᠣᠲᠣ ᠶᠢᠨ ᠪᠠᠶᠢᠭ᠎ᠠ ᠬᠠᠮᠢᠶᠠᠷᠤᠯᠲᠠ ᠶᠢᠨ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠭᠰᠡᠨ | ᠰᠠᠭᠤᠷᠢᠨ ᠳᠡᠭᠡᠷ᠎ᠡ᠂ ︽ᠳᠦᠷᠢᠮ︾ ᠤᠨ ᠲᠣᠭᠲᠠᠭᠠᠯ ᠲᠠᠢ ᠬᠠᠷᠢᠴᠠᠭᠤᠯᠤᠨ ︽ᠲᠣᠭᠲᠠᠭᠠᠬᠤ ᠵᠠᠰᠠᠬᠤ ᠬᠦᠴᠦᠨ | ᠦᠭᠡᠢ ᠪᠣᠯᠭᠠᠬᠤ︾ ᠠᠵᠢᠯ ᠢ ᠪᠡᠶᠡᠯᠡᠭᠦᠯᠦᠨ᠎ᠡ᠃ ᠡᠭᠦᠨ ᠤ ᠬᠠᠮᠲᠤ ᠡᠨᠡ ᠵᠢᠯ ︽ᠬᠥᠬᠡᠬᠤᠲᠠ ᠶᠢᠨ ᠲᠣᠰ ᠱᠠᠲᠤᠨ ᠤ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠠᠮᠢᠳᠤᠯᠢᠭ | ᠪᠣᠯᠭᠠᠨ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ︽ | ᠠᠷᠭ᠎ᠠ︾ ᠶᠢ ᠥᠷᠭᠡᠨ ᠢᠶᠠᠷ ᠰᠠᠨᠠᠯ ᠬᠤᠷᠢᠶᠠᠬᠤ᠂ ᠬᠠᠤᠯᠢ ᠴᠠᠭᠠᠵᠠ ᠶᠢᠨ ᠰᠠᠨᠠᠯ ᠬᠤᠷᠢᠶᠠᠬᠤ᠂ ᠲᠤᠰᠬᠠᠢ | ᠮᠡᠷᠭᠡᠵᠢᠯᠲᠡᠨ ᠤ ᠨᠤᠲᠠᠯᠠᠯᠲᠠ ᠬᠢᠬᠦ᠂ ᠲᠦᠭᠰᠢᠭᠦᠷᠢ ᠶᠢ ᠦᠨᠡᠯᠡᠨ ᠵᠢᠱᠢᠬᠦ᠂ ᠲᠣᠪᠴᠢᠶ᠎ᠠ ᠶᠢᠨ ᠶᠠᠪᠤᠳᠠᠯ ᠤᠨ | ᠬᠤᠷᠠᠯ ᠠᠴᠠ ᠬᠢᠨᠠᠨ ᠵᠥᠪᠯᠡᠬᠦ ᠵᠡᠷᠭᠡ ᠲᠠᠰ ᠳᠠᠷᠠᠭᠠᠯᠠᠯ ᠢᠶᠠᠷ ᠳᠠᠮᠵᠢᠭᠤᠯᠤᠨ᠂ ᠳᠠᠬᠢᠨ ᠳᠠᠪᠲᠠᠨ ᠨᠤᠲᠠᠯᠠᠯᠲᠠ | ᠬᠢᠬᠦ ᠪᠠᠷ ᠳᠡᠮᠵᠢᠨ᠂ 2023 ᠣᠨ ᠤ 7 ᠰᠠᠷ᠎ᠠ ᠶᠢᠨ 20 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠪᠡ᠃ ︽ | ᠠᠷᠭ᠎ᠠ︾ ᠨᠢ ᠨᠡᠶᠢᠲᠡ 7 ᠪᠦᠯᠦᠭ 32 ᠵᠦᠢᠯ ᠲᠠᠢ ᠪᠠᠶᠢᠵᠤ᠂ ᠭᠤᠣᠯᠳᠠᠭᠤ ᠡᠳ᠋ ᠬᠥᠷᠥᠩᠭᠡ ᠶᠢ ᠴᠢᠯᠦᠭᠡᠲᠡᠢ | ᠪᠣᠯᠭᠠᠭᠰᠠᠨ᠂ ᠡᠳ᠋ ᠬᠥᠷᠥᠩᠭᠡ ᠶᠢ ᠰᠢᠢᠳᠪᠦᠷᠢᠯᠡᠭᠰᠡᠨ ᠪᠠ ᠰᠢᠢᠳᠪᠦᠷᠢᠯᠡᠭᠰᠡᠨ ᠣᠷᠣᠯᠭ᠎ᠠ ᠶᠢᠨ ᠲᠤᠬᠠᠢ ᠨᠠᠷᠢᠨ | ᠲᠣᠭᠲᠠᠭᠠᠯ ᠭᠠᠷᠭᠠᠵᠤ᠂ ᠡᠳ᠋ ᠬᠥᠷᠥᠩᠭᠡ ᠶᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠲᠣᠭᠲᠠᠴᠠ᠂ ᠡᠳ᠋ | ᠬᠥᠷᠥᠩᠭᠡ ᠶᠢ ᠴᠢᠯᠦᠭᠡᠲᠡᠢ ᠪᠣᠯᠭᠠᠭᠰᠠᠨ ᠦᠷ᠎ᠡ ᠪᠦᠲᠦᠮᠵᠢ ᠶᠢ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠶᠢᠨ | ᠲᠣᠬᠢᠷᠠᠭᠤᠯᠤᠯᠲᠠ ᠶᠢᠨ ᠲᠥᠰᠥᠪ ᠲᠠᠢ ᠬᠤᠯᠪᠣᠬᠤ ᠲᠣᠭᠲᠠᠴᠠ᠂ ᠡᠳ᠋ ᠬᠥᠷᠥᠩᠭᠡ ᠶᠢ ᠰᠢᠢᠳᠪᠦᠷᠢᠯᠡᠬᠦ ᠶᠢ | ᠵᠢᠷᠤᠮᠵᠢᠭᠤᠯᠬᠤ ᠲᠣᠭᠲᠠᠴᠠ᠂ ᠰᠢᠢᠳᠪᠦᠷᠢᠯᠡᠭᠰᠡᠨ ᠣᠷᠣᠯᠭ᠎ᠠ ᠶᠢ ᠴᠠᠭ ᠲᠤᠬᠠᠢ ᠳᠤᠨᠢ ᠳᠡᠭᠡᠭᠰᠢ ᠲᠤᠰᠢᠶᠠᠬᠤ | ᠲᠣᠭᠲᠠᠴᠠ ᠵᠡᠷᠭᠡ ᠶᠢ ᠪᠠᠶᠢᠭᠤᠯᠪᠠ᠃ ᠡᠭᠦᠨ ᠤ ᠬᠠᠮᠲᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠥᠬᠡᠬᠤᠲᠠ ᠶᠢᠨ ᠪᠠᠶᠢᠳᠠᠯ ᠲᠠᠢ ᠤᠶᠠᠯᠳᠤᠭᠤᠯᠤᠨ᠂ ︽ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠳᠤ ᠶᠡᠷᠦᠩᠬᠡᠶᠢᠯᠡᠭᠰᠡᠨ ᠬᠠᠮᠢᠶᠠᠷᠤᠯᠲᠠ | ᠶᠠᠪᠤᠭᠤᠯᠵᠤ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠡ ᠶᠢᠨ | ᠢᠶᠠᠨ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠤᠲᠠ | ᠶᠢᠨ ᠲᠤᠰ ᠱᠠᠲᠤᠨ ᠤ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠲᠤᠰ ᠨᠢᠭᠡᠴᠡ ᠶᠢᠨ ᠢᠶᠠᠨ | ᠡᠵᠡᠮᠰᠢᠵᠦ ᠪᠠᠶᠢᠭ᠎ᠠ᠂ ᠬᠡᠷᠡᠭᠯᠡᠵᠦ ᠪᠠᠶᠢᠭ᠎ᠠ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠳᠤ ᠪᠣᠳᠠᠲᠠᠢ | ᠬᠠᠮᠢᠶᠠᠷᠤᠯᠲᠠ ᠶᠠᠪᠤᠭᠤᠯᠬᠤ︾ ᠬᠠᠮᠢᠶᠠᠷᠤᠯᠲᠠ ᠶᠢᠨ ᠳᠡᠰ ᠳᠠᠪᠬᠤᠷᠭ᠎ᠠ ᠶᠢ ᠪᠤᠶ ᠪᠣᠯᠭᠠᠵᠠᠢ᠃ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠡᠷᠬᠡ ᠲᠤᠰᠢᠶᠠᠯ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ︽ᠠᠷᠭ᠎ᠠ︾ | ᠪᠣᠯ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠴᠢᠬᠤᠯᠠ ᠠᠷᠭ᠎ᠠ ᠪᠠᠷᠢᠯ ᠮᠥᠨ᠂ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠳ᠋ ᠬᠥᠷᠥᠩᠭᠡ ᠶᠢᠨ ᠬᠦᠴᠦᠨ ᠴᠢᠳᠠᠪᠤᠷᠢ ᠶᠢ ᠨᠠᠩ ᠰᠠᠶᠢᠲᠤᠷ | ᠪᠠᠳᠠᠷᠠᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠥᠲᠥᠯᠥᠭᠴᠢ᠄ | ᠰᠦᠯᠵᠢᠶᠡᠨ ᠤ ᠨᠠᠶᠢᠵᠠ ᠨᠠᠷ᠄ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ | ᠡᠳ᠋ ᠬᠥᠷᠥᠩᠭᠡ ᠪᠣᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠳᠤ | ᠡᠩ ᠲᠡᠷᠢᠭᠦᠨ ᠳᠤ ᠪᠦᠷᠢᠨ ᠲᠡᠭᠦᠯᠳᠡᠷ ᠳᠦᠷᠢᠮ ᠤᠨ ᠰᠢᠰᠲ᠋ᠧᠮ ᠲᠠᠢ ᠪᠠᠶᠢᠬᠤ ᠬᠡᠷᠡᠭᠲᠡᠢ᠂ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠡᠷᠬᠢᠨ | ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠪᠠᠳᠠᠷᠠᠭᠤᠯᠵᠤ᠂ ᠡᠳ᠋ ᠬᠥᠷᠥᠩᠭᠡ ᠶᠢᠨ ᠬᠠᠮᠢᠶᠠᠷᠤᠯᠲᠠ ᠪᠠᠨ | ᠴᠢᠩᠭᠠᠳᠬᠠᠵᠤ ᠪᠠᠶᠢᠬᠤ ᠪᠣᠶ︖ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠬᠠᠨ ᠵᠢᠶᠧ ᠄ | ᠨᠢᠭᠡ ᠳᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠳᠦᠷᠢᠮ ᠤᠨ ᠣᠶᠢᠷ᠎ᠠ ᠶᠢᠨ ᠵᠢᠯ ᠳᠤ᠂ ᠮᠠᠨ ᠤ ᠬᠤᠲᠠ ᠲᠣᠭᠲᠠᠭᠠᠭᠰᠠᠨ ᠪᠠᠶᠢᠨ᠎ᠠ︾ ᠭᠡᠵᠡᠢ᠃ ᠬᠤᠲᠠ ᠶᠢᠨ ᠲᠣᠰ | ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠠᠮᠢᠳᠤᠯᠢᠭ ᠪᠣᠯᠭᠠᠨ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ︽ᠬᠤᠲᠠ ᠶᠢᠨ ᠲᠣᠰ | ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠰᠢᠢᠳᠪᠦᠷᠢᠯᠡᠬᠦ ᠵᠢᠷᠤᠮᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ︽ᠬᠥᠬᠡᠬᠤᠲᠠ ᠬᠤᠲᠠ ᠶᠢᠨ ᠲᠣᠰ | ᠱᠠᠲᠤᠨ ᠤ ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︽ᠪᠥᠬᠦ | ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢ ᠰᠢᠢᠳᠪᠦᠷᠢᠯᠡᠬᠦ ᠶᠢ | ᠴᠣᠬᠤᠯᠠᠪᠤᠷᠢᠯᠠᠭᠰᠠᠨ ᠤ ᠳᠠᠷᠠᠭᠠᠬᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠵᠢᠷᠤᠮᠵᠢᠭᠤᠯᠬᠤ ᠦᠭᠡᠢ ᠪᠠᠶᠢᠬᠤ ᠲᠤᠬᠠᠢ ᠮᠡᠳᠡᠭᠳᠡᠯ︾ ︽ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠳᠠᠬᠢ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ | ᠮᠡᠳᠡᠭᠳᠡᠯ︾ ᠵᠡᠷᠭᠡ ᠳᠦᠷᠢᠮ᠂ ᠲᠣᠭᠲᠠᠭᠠᠯ᠃ ᠣᠳᠣᠬᠠᠨ ᠳᠤ᠂ ᠮᠠᠨ ᠤ ᠬᠤᠲᠠ ᠨᠢᠭᠡᠨᠲᠡ ᠡᠳ᠋ ᠬᠥᠷᠥᠩᠭᠡ ᠶᠢᠨ | ᠲᠣᠬᠢᠷᠠᠭᠤᠯᠤᠯᠲᠠ᠂ ᠬᠡᠷᠡᠭᠯᠡᠯᠲᠡ᠂ ᠰᠢᠢᠳᠪᠦᠷᠢᠯᠡᠯᠲᠡ ᠪᠠ ᠠᠰᠢᠭ ᠣᠷᠣᠯᠭ᠎ᠠ ᠶᠢ ᠬᠠᠮᠤᠷᠤᠭᠰᠠᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠭᠦᠯᠪᠡ᠃ ᠬᠤᠶᠠᠷ ᠲᠤ ᠬᠥᠷᠥᠩᠭᠡ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠡᠳ᠋ ᠬᠥᠷᠥᠩᠭᠡ ᠶᠢᠨ | ᠲᠠᠩᠰᠠ ᠪᠠ ᠪᠣᠳᠠᠲᠠᠢ ᠶᠢᠨ ᠬᠠᠷᠢᠯᠴᠠᠨ ᠨᠡᠶᠢᠴᠡᠬᠦ ᠶᠢ ᠬᠦᠴᠦᠯᠡᠨ ᠪᠡᠶᠡᠯᠡᠭᠦᠯᠦᠨ᠎ᠡ᠃ ︽ᠵᠠᠰᠠᠭ ᠵᠠᠬᠢᠷᠭᠠᠨ ᠠᠵᠢᠯ | ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠢᠯᠦᠭᠡᠲᠡᠢ ᠴᠢᠯᠦᠭᠡᠲᠡᠢ ᠪᠣᠯᠭᠠᠬᠤ | ᠲᠤᠬᠠᠢ ᠡᠳ᠋ ᠤᠨ ᠵᠠᠰᠠᠭ ᠤᠨ ᠶᠠᠮᠤᠨ ᠤ ᠵᠢᠯᠤᠭᠤᠳᠬᠤ ᠰᠠᠨᠠᠯ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠳᠦᠷ | ᠲᠤᠲᠤᠮ ᠤᠨ ᠬᠠᠮᠢᠶᠠᠷᠤᠯᠲᠠ ᠶᠢᠨ ᠠᠵᠢᠯ ᠤᠨ ᠳᠤᠮᠳᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠢ | ᠠᠰᠢᠭᠯᠠᠨ ᠰᠤᠯᠠ ᠪᠠᠶᠢᠭ᠎ᠠ ᠡᠳ᠋ ᠬᠥᠷᠥᠩᠭᠡ ᠶᠢ ᠪᠠᠶᠢᠩᠭᠤᠵᠢᠭᠤᠯᠤᠨ ᠰᠢᠭᠰᠢᠨ ᠪᠠᠶᠢᠴᠠᠭᠠᠵᠤ᠂ ᠴᠠᠭ ᠲᠤᠬᠠᠢ ᠳᠤᠨᠢ | ᠬᠢᠨᠠᠯᠲᠠ ᠲᠠᠯᠪᠢᠬᠤ ᠶᠢ ᠪᠡᠶᠡᠯᠡᠭᠦᠯᠬᠦ ᠶᠢᠨ ᠬᠠᠮᠲᠤ᠂ ᠭᠡᠷ ᠪᠠᠶᠢᠰᠢᠩ᠂ ᠭᠠᠵᠠᠷ ᠰᠢᠷᠣᠢ᠂ ᠲᠡᠷᠭᠡ ᠬᠥᠰᠬᠡ᠂ ᠠᠯᠪᠠᠨ | ᠠᠵᠢᠯ ᠤᠨ ᠲᠥᠬᠦᠭᠡᠷᠦᠮᠵᠢ᠂ ᠲᠣᠮᠣ ᠬᠡᠯᠪᠡᠷᠢ ᠶᠢᠨ ᠬᠡᠮᠵᠢᠭᠦᠷᠯᠢᠭ ᠵᠡᠷᠭᠡ ᠡᠳ᠋ ᠬᠥᠷᠥᠩᠭᠡ ᠶᠢᠨ ᠬᠡᠷᠡᠭᠯᠡᠯᠲᠡ ᠶᠢᠨ | ᠪᠠᠶᠢᠳᠠᠯ ᠢ ᠭᠤᠣᠯᠳᠠᠯᠭ᠎ᠠ ᠲᠠᠢ ᠪᠠᠷ ᠰᠢᠭᠰᠢᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠬᠡᠷᠡᠭᠲᠡᠢ᠃ ᠡᠭᠦᠨ ᠤ ᠵᠡᠷᠭᠡ ᠳᠤ | ᠮᠠᠨ ᠤ ᠲᠣᠪᠴᠢᠶ᠎ᠠ ︽ᠬᠥᠬᠡᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠪᠠᠶᠢᠳᠠᠯ ᠢ ᠣᠶᠢᠯᠠᠭᠠᠵᠤ ᠮᠡᠳᠡᠭᠦᠯᠦᠨ ᠬᠦᠷᠭᠡᠬᠦ ᠠᠵᠢᠯ ᠢ ᠥᠷᠨᠢᠭᠦᠯᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠶᠡᠭᠡ ᠪᠠᠷ ᠡᠬᠢᠯᠡᠭᠦᠯᠵᠦ᠂ ᠡᠳ᠋ ᠬᠥᠷᠥᠩᠭᠡ ᠶᠢ ᠲᠣᠭᠠᠯᠠᠨ | ᠪᠦᠷᠢᠳᠬᠡᠬᠦ᠂ ᠡᠮᠬᠢᠯᠡᠨ ᠳᠢᠭᠯᠡᠬᠦ᠂ ᠪᠦᠷᠢᠳᠬᠡᠬᠦ᠂ ᠬᠠᠷᠭᠤᠭᠤᠯᠤᠨ ᠪᠠᠶᠢᠴᠠᠭᠠᠬᠤ ᠶᠢ ᠤᠯᠠᠮ ᠨᠢᠭᠡ ᠠᠯᠬᠤᠮ | ᠴᠢᠩᠭᠠᠳᠬᠠᠨ᠂ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠵᠦ᠂ ᠡᠳ᠋ ᠬᠥᠷᠥᠩᠭᠡ ᠶᠢᠨ | ᠰᠠᠭᠤᠷᠢ ᠲᠤᠭ᠎ᠠ ᠶᠢ ᠲᠣᠳᠣᠷᠬᠠᠢ ᠪᠣᠯᠭᠠᠵᠤ᠂ ᠪᠠᠶᠢᠳᠠᠯ ᠢ ᠲᠣᠳᠣᠷᠬᠠᠢ ᠪᠣᠯᠭᠠᠬᠤ ᠶᠢ ᠦᠨᠡᠨ ᠬᠦ ᠪᠡᠶᠡᠯᠡᠭᠦᠯᠦᠨ᠎ᠡ᠃ | ᠭᠤᠷᠪᠠ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠦᠴᠦᠨ ᠨᠡᠮᠡᠷᠢᠯᠡᠵᠦ᠂ ᠡᠳ᠋ ᠬᠥᠷᠥᠩᠭᠡ ᠶᠢᠨ ᠠᠮᠤᠷ | ᠲᠦᠪᠰᠢᠨ ᠪᠦᠷᠢᠨ ᠪᠦᠲᠦᠨ ᠪᠠᠶᠢᠬᠤ ᠶᠢ ᠬᠦᠴᠦᠯᠡᠨ ᠪᠠᠲᠤᠯᠠᠨ᠎ᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠨᠢᠭᠡᠴᠡ ᠶᠢᠨ ᠬᠤᠯᠪᠣᠭᠳᠠᠬᠤ ᠬᠡᠪᠴᠢᠶ᠎ᠡ ᠥᠷᠭᠡᠨ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ | ᠪᠤᠳᠤᠯᠢᠶᠠᠨᠲᠠᠢ ᠵᠡᠷᠭᠡ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ ︽ᠪᠠᠶᠢᠭᠤᠯᠤᠮᠵᠢ ᠶᠢᠨ ᠥᠭᠡᠷᠡᠴᠢᠯᠡᠯᠲᠡ | ᠳᠤᠮᠳᠠᠬᠢ ᠥᠭᠡᠷᠡᠴᠢᠯᠡᠯᠲᠡ ᠳᠤ ᠬᠤᠯᠪᠣᠭᠳᠠᠬᠤ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ | ᠬᠡᠷᠡᠭᠵᠢᠭᠦᠯᠬᠦ ᠲᠥᠰᠥᠯ︾ ︽ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠳᠤᠮᠳᠠᠬᠢ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠮᠡᠳᠡᠭᠳᠡᠯ︾ | ᠵᠡᠷᠭᠡ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠲᠠᠰ ᠳᠠᠷᠠᠭᠠᠯᠠᠯ ᠢ ᠨᠢᠭᠡᠳᠬᠡᠵᠦ᠂ | ᠬᠤᠪᠢᠶᠠᠷᠢᠯᠠᠨ ᠭᠠᠷᠭᠠᠭᠰᠠᠨ ᠲᠠᠯ᠎ᠠ ᠪᠠ ᠭᠥᠯᠢᠶᠡᠨ ᠠᠪᠤᠭᠰᠠᠨ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠥᠭᠡᠷᠡᠴᠢᠯᠡᠯᠲᠡ ᠳᠤ ᠬᠤᠯᠪᠣᠭᠳᠠᠭᠰᠠᠨ ᠨᠢᠭᠡᠴᠡ ᠶᠢᠨ ᠡᠳ᠋ ᠬᠥᠷᠥᠩᠭᠡ ᠶᠢ ᠬᠤᠪᠢᠶᠠᠷᠢᠯᠠᠨ | ᠰᠢᠯᠵᠢᠭᠦᠯᠬᠦ ᠠᠷᠭ᠎ᠠ ᠵᠠᠮ ᠢ ᠲᠣᠳᠣᠷᠬᠠᠶᠢᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ | ᠴᠢᠩᠭ᠎ᠠ ᠰᠡᠷᠭᠡᠶᠢᠯᠡᠨ᠎ᠡ᠃ ᠳᠥᠷᠪᠡ ᠳᠤ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠡᠳ᠋ ᠬᠥᠷᠥᠩᠭᠡ ᠶᠢᠨ | ᠲᠥᠰᠥᠪ ᠢ ᠠᠭᠤᠰᠤᠯᠴᠠᠭᠤᠯᠤᠨ ᠬᠠᠮᠢᠶᠠᠷᠬᠤ ᠶᠢ ᠬᠦᠴᠦᠯᠡᠨ ᠠᠬᠢᠭᠤᠯᠤᠨ᠎ᠠ᠃ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠠᠵᠢᠯ ᠢ | ᠤᠯᠠᠮ ᠨᠢᠭᠡ ᠠᠯᠬᠤᠮ ᠥᠷᠨᠢᠭᠦᠯᠵᠦ᠂ ︽ᠲᠥᠰᠥᠪ ᠤᠨ ᠪᠡᠯᠡ ᠮᠥᠩᠭᠦ ᠪᠠᠷ ᠡᠳ᠋ ᠬᠥᠷᠥᠩᠭᠡ ᠪᠣᠯᠭᠠᠬᠤ︾ ᠪᠥᠬᠦ | ᠬᠡᠯᠬᠢᠶᠡᠰᠦ ᠶᠢᠨ ᠬᠠᠮᠢᠶᠠᠷᠤᠯᠲᠠ ᠶᠢᠨ ᠰᠡᠳᠬᠢᠮᠵᠢ ᠶᠢ ᠵᠢᠷᠤᠮᠯᠠᠨ᠂ ᠡᠳ᠋ ᠬᠥᠷᠥᠩᠭᠡ ᠶᠢᠨ ᠬᠠᠮᠢᠶᠠᠷᠤᠯᠲᠠ ᠶᠢ | ᠲᠥᠰᠥᠪ ᠢ ᠨᠠᠶᠢᠷᠠᠭᠤᠯᠤᠨ ᠵᠣᠬᠢᠶᠠᠬᠤ᠂ ᠲᠥᠰᠥᠪ ᠢ ᠭᠦᠢᠴᠡᠳᠬᠡᠬᠦ᠂ ᠨᠢᠭᠲᠠᠯᠠᠨ ᠪᠤᠳᠤᠬᠤ ᠲᠣᠭᠠᠴᠠᠭ᠎ᠠ ᠬᠢᠬᠦ᠂ | ᠲᠥᠰᠥᠪ ᠤᠨ ᠭᠦᠢᠴᠡᠳᠬᠡᠯ ᠪᠠ ᠮᠡᠳᠡᠭᠦᠯᠦᠯᠲᠡ ᠵᠡᠷᠭᠡ ᠲᠤᠬᠠᠶᠢᠯᠠᠭᠰᠠᠨ ᠠᠵᠢᠯ ᠤᠨ ᠭᠤᠭᠴᠤᠭ᠎ᠠ ᠳᠤ ᠰᠢᠭᠢᠳᠬᠡᠨ | ᠣᠷᠣᠭᠤᠯᠵᠤ᠂ ᠡᠳ᠋ ᠬᠥᠷᠥᠩᠭᠡ ᠬᠢᠭᠡᠳ ᠲᠥᠰᠥᠪ ᠢ ᠨᠢᠭᠡ ᠴᠣᠭᠴᠠᠵᠢᠭᠤᠯᠤᠨ ᠬᠠᠮᠢᠶᠠᠷᠬᠤ᠂ ᠪᠥᠬᠦ ᠣᠷᠣᠨ ᠤ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠲᠤᠭ᠎ᠠ ᠪᠠᠷᠢᠮᠲᠠ ᠶᠢ ᠨᠢᠭᠡᠳᠦᠯᠲᠡᠢ | ᠬᠠᠮᠢᠶᠠᠷᠬᠤ ᠶᠢ ᠪᠡᠶᠡᠯᠡᠭᠦᠯᠵᠦ᠂ ︽ᠬᠥᠨᠳᠡᠯᠡᠨ ᠢᠶᠠᠷ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ | ᠶᠠᠪᠤᠭᠤᠯᠬᠤ︾ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠬᠥᠲᠥᠯᠥᠭᠴᠢ᠄ | ᠥᠨᠥᠳᠥᠷ ᠤᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠫᠷᠣᠭ᠍ᠷᠠᠮ ᠳᠤ ᠪᠠᠰᠠ ᠲᠠᠨ ᠲᠠᠢ ᠪᠠᠶᠠᠷᠲᠠᠢ | ᠭᠡᠵᠦ ᠬᠡᠯᠡᠬᠦ ᠪᠣᠯᠣᠯ᠎ᠠ᠂ ᠠᠳᠡ ᠬᠥᠬᠡᠬᠤᠲᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠸᠧᠢ | ᠳ᠋ᠦᠩ ᠪᠣᠯᠣᠨ ᠬᠤᠯᠪᠣᠭᠳᠠᠯ ᠪᠦᠬᠦᠢ ᠨᠥᠬᠦᠳ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠵᠦ᠂ ︽ | ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠬᠠᠤᠯᠢ ᠶᠣᠰᠣᠭᠠᠷ | ᠡᠳ᠋ ᠤᠨ ᠶᠠᠪᠤᠳᠠᠯ ᠢ ᠬᠠᠮᠢᠶᠠᠷᠬᠤ ᠦᠢᠯᠡᠳᠦᠯ ᠴᠢᠳᠠᠪᠤᠷᠢ ᠶᠢ ᠪᠠᠳᠠᠷᠠᠭᠤᠯᠬᠤ︾ ᠶᠢᠨ ᠲᠣᠭᠤᠷᠢᠨ ᠳᠤ ᠡᠯ᠎ᠡ | ᠰᠣᠨᠣᠰᠤᠭᠴᠢ ᠨᠠᠶᠢᠵᠠ ᠨᠠᠷ ᠲᠠᠢ ᠪᠠᠨ ᠰᠢᠭᠤᠳ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠭᠰᠠᠨ ᠳᠤ ᠲᠠᠯᠠᠷᠬᠠᠵᠤ | ᠪᠠᠶᠢᠨ᠎ᠠ᠃ ᠲᠠ ᠪᠦᠬᠦᠨ ᠳᠤ ᠪᠠᠶᠠᠷᠯᠠᠯ᠎ᠠ᠃ ᠲᠠ ᠪᠦᠬᠦᠨ ᠤ ᠠᠵᠢᠯ ᠤᠨ ᠤᠷᠤᠭᠰᠢᠲᠠᠢ ᠶᠠᠪᠤᠭᠳᠠᠬᠤ ᠶᠢ ᠢᠷᠦᠭᠡᠶ᠎ᠡ᠂ | ᠪᠠᠶᠠᠷᠲᠠᠢ︕ | ᠬᠠᠮᠢᠶᠠᠷᠤᠭᠴᠢ ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠵᠠᠩ ᠸᠧᠢ ᠳ᠋ᠦᠩ᠂ ᠬᠠᠤᠯᠢ ᠲᠣᠭᠲᠠᠭᠠᠯ ᠤᠨ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠯᠢ | ᠰᠧ ᠶᠣᠣ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠳᠤ ᠲᠠᠯᠠᠷᠬᠠᠵᠤ ᠪᠠᠶᠢᠨ᠎ᠠ᠂ | ᠰᠦᠯᠵᠢᠶᠡᠨ ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ | |