ᠨᠢᠭᠡ᠂ ᠲᠣᠭᠲᠠᠭᠠᠭᠰᠠᠨ ᠠᠬᠤᠢ ᠪᠠᠶᠢᠳᠠᠯ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠭᠤᠷᠪᠠᠨ ᠡᠵᠡᠮᠳᠡᠯ ᠱᠤᠭᠤᠮ ᠢ ᠨᠢᠭᠡᠳᠦᠯᠲᠡᠢ ᠲᠥᠯᠥᠪᠯᠡᠨ ᠲᠣᠭᠲᠠᠭᠠᠵᠤ ᠨᠠᠶᠢᠳᠠᠪᠤᠷᠢᠵᠢᠭᠤᠯᠬᠤ | ᠲᠤᠬᠠᠢ ᠵᠢᠯᠤᠭᠤᠳᠬᠤ ᠰᠠᠨᠠᠯ︾ ᠢ ᠭᠦᠨᠵᠡᠭᠡᠢ ᠲᠤᠭᠤᠰᠢᠯᠠᠭᠤᠯᠵᠤ᠂ ︽ᠠᠮᠢ ᠠᠬᠤᠢ ᠶᠢ ᠬᠠᠮᠠᠭᠠᠯᠠᠬᠤ ᠤᠯᠠᠭᠠᠨ | ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠮᠢ ᠠᠬᠤᠢ | ᠣᠷᠴᠢᠨ ᠲᠣᠭᠤᠷᠢᠨ ᠤ ᠶᠠᠮᠤᠨ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ | ︵ᠲᠤᠷᠰᠢᠨ ᠬᠡᠷᠡᠭᠵᠢᠭᠦᠯᠬᠦ︶︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2022﹈ 142 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠴᠢᠳᠠᠮᠵᠢ ᠶᠢ ᠪᠠᠲᠤᠯᠠᠨ ᠬᠠᠮᠠᠭᠠᠯᠠᠵᠤ᠂ ᠠᠮᠢ ᠠᠬᠤᠢ ᠶᠢ ᠬᠠᠮᠠᠭᠠᠯᠠᠬᠤ | ᠤᠯᠠᠭᠠᠨ ᠱᠤᠭᠤᠮ ᠢ ᠴᠢᠩᠭ᠎ᠠ ᠰᠠᠬᠢᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ︽ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ | ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠪᠠ︶ ᠢ ᠲᠣᠭᠲᠠᠭᠠᠵᠠᠢ᠃ 142 ᠳ᠋ᠤᠭᠠᠷ | ᠲᠣᠭᠠᠲᠤ ᠪᠢᠴᠢᠭ ᠮᠠᠲ᠋ᠧᠷᠢᠶᠠᠯ ᠤᠨ ᠢᠯᠡ ᠨᠡᠶᠢᠲᠡᠯᠡᠬᠦ ᠠᠷᠭ᠎ᠠ ᠨᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ | ᠪᠣᠯᠣᠨ᠎ᠠ᠂ ︽ᠬᠡᠷᠡᠭᠵᠢᠭᠦᠯᠬᠦ ᠰᠠᠨᠠᠯ︾ ᠲᠣᠰ ᠪᠢᠴᠢᠭ ᠮᠠᠲ᠋ᠧᠷᠢᠶᠠᠯ ᠢ ᠦᠨᠳᠦᠰᠦᠯᠡᠨ ᠲᠣᠭᠲᠠᠭᠠᠭᠰᠠᠨ ᠤᠴᠢᠷ᠎ᠠ | ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠬᠡᠷᠡᠭᠲᠡᠢ᠃ | | | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠨᠡᠶᠢᠳᠡ ᠲᠤᠯᠤᠭᠠᠨ ᠭᠤᠣᠯ ᠠᠭᠤᠯᠭ᠎ᠠ ᠪᠣᠯᠭᠠᠨ ᠬᠤᠪᠢᠶᠠᠨ᠎ᠠ᠂ ᠡᠭᠦᠨ ᠳᠤ | ᠶᠡᠷᠦᠩᠬᠡᠢ ᠱᠠᠭᠠᠷᠳᠠᠯᠭ᠎ᠠ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠲᠦᠷᠦᠯ ᠢ ᠲᠣᠳᠣᠷᠬᠠᠶᠢᠯᠠᠬᠤ᠂ ᠬᠢᠵᠠᠭᠠᠷᠲᠤ | ᠬᠥᠮᠥᠰ ᠤᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠬᠤ᠂ ᠠᠮᠢ ᠠᠬᠤᠢ ᠶᠢ ᠬᠠᠮᠠᠭᠠᠯᠠᠬᠤ ᠤᠯᠠᠭᠠᠨ | ᠱᠤᠭᠤᠮ ᠢ ᠤᠯᠤᠰ ᠤᠨ ᠴᠢᠬᠤᠯᠠ ᠶᠡᠭᠡ ᠲᠥᠰᠥᠯ ᠳᠤ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠨᠤᠲᠠᠯᠠᠯᠲᠠ ᠶᠢ | ᠵᠢᠷᠤᠮᠵᠢᠭᠤᠯᠬᠤ᠂ ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ᠂ ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠤᠨ ᠲᠣᠬᠢᠷᠠᠭᠤᠯᠤᠯᠲᠠ ᠶᠢ ᠴᠢᠩᠳᠠᠯᠠᠬᠤ᠂ ᠠᠮᠢ ᠠᠬᠤᠢ ᠶᠢ ᠬᠠᠮᠠᠭᠠᠯᠠᠬᠤ ᠤᠯᠠᠭᠠᠨ | ᠱᠤᠭᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠪᠠᠭᠲᠠᠭᠠᠵᠤ ᠪᠠᠶᠢᠨ᠎ᠠ᠃ | ᠨᠢᠭᠡ᠂ ᠶᠡᠷᠦᠩᠬᠡᠢ ᠱᠠᠭᠠᠷᠳᠠᠯᠭ᠎ᠠ᠃ ︽ᠬᠡᠷᠡᠭᠵᠢᠭᠦᠯᠬᠦ ᠰᠠᠨᠠᠯ︾ ᠳᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ᠂ ᠪᠥᠬᠦ | ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠬᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠤ ᠵᠢᠯᠤᠭᠤᠳᠬᠤ ᠦᠵᠡᠯ ᠰᠠᠨᠠᠭ᠎ᠠ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ | ᠦᠢᠯᠡᠳᠦᠯᠭᠡᠵᠢᠭᠦᠯᠬᠦ ᠶᠢ ᠲᠣᠳᠣᠷᠬᠠᠶᠢᠯᠠᠵᠠᠢ᠃ | ᠬᠤᠶᠠᠷ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠲᠦᠷᠦᠯ ᠢ ᠲᠣᠳᠣᠷᠬᠠᠶᠢᠯᠠᠪᠠ᠃ ︽ᠬᠡᠷᠡᠭᠵᠢᠭᠦᠯᠬᠦ ᠰᠠᠨᠠᠯ︾ | ᠳᠤ ᠤᠯᠤᠰ ᠠᠴᠠ ᠵᠥᠪᠰᠢᠶᠡᠷᠡᠭᠰᠡᠨ 10 ᠲᠥᠷᠥᠯ ᠤᠨ ᠬᠢᠵᠠᠭᠠᠷᠲᠤ ᠬᠥᠮᠥᠰ ᠤᠨ ᠠᠵᠢᠯᠯᠠᠭ᠎ᠠ ᠳᠤᠮᠳᠠᠬᠢ | ᠬᠠᠮᠢᠶᠠᠷᠴᠤ ᠬᠠᠮᠠᠭᠠᠯᠠᠬᠤ ᠲᠣᠭᠤᠷᠢᠨ ᠬᠠᠮᠠᠭᠠᠯᠠᠬᠤ᠂ ᠬᠠᠮᠠᠭᠠᠯᠠᠵᠤ ᠬᠠᠤᠯᠢ ᠬᠡᠷᠡᠭᠵᠢᠭᠦᠯᠬᠦ ᠵᠡᠷᠭᠡ ᠡᠷᠬᠡᠪᠰᠢ | ᠱᠠᠭᠠᠷᠳᠠᠭᠳᠠᠬᠤ ᠲᠥᠬᠦᠭᠡᠷᠦᠮᠵᠢ᠂ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ | ᠵᠢᠴᠢ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠳᠤ ᠬᠤᠯᠪᠣᠭᠳᠠᠬᠤ | ᠡᠷᠬᠡᠪᠰᠢ ᠱᠠᠭᠠᠷᠳᠠᠭᠳᠠᠬᠤ ᠨᠡᠶᠢᠲᠡ ᠶᠢᠨ ᠲᠥᠬᠦᠭᠡᠷᠦᠮᠵᠢ ᠵᠡᠷᠭᠡ ᠪᠣᠳᠠᠲᠠᠢ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠶᠢ ᠨᠠᠷᠢᠯᠢᠭᠵᠢᠭᠤᠯᠵᠤ᠂ ︽ᠬᠡᠷᠡᠭᠵᠢᠭᠦᠯᠬᠦ ᠰᠠᠨᠠᠯ︾ ᠤᠨ ᠬᠡᠷᠡᠭᠵᠢᠭᠦᠯᠦᠭᠳᠡᠬᠦᠶᠢᠴᠡ ᠴᠢᠨᠠᠷ ᠢ ᠳᠡᠭᠡᠭᠰᠢᠯᠡᠭᠦᠯᠪᠡ᠃ | | ᠭᠤᠷᠪᠠ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠪᠠ᠃ | ︽ᠬᠡᠷᠡᠭᠵᠢᠭᠦᠯᠬᠦ ᠰᠠᠨᠠᠯ︾ ᠳᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠲᠤ | ᠬᠤᠯᠪᠣᠭᠳᠠᠬᠤ ᠬᠢᠵᠠᠭᠠᠷᠲᠤ ᠬᠥᠮᠥᠰ ᠤᠨ ᠠᠵᠢᠯᠯᠠᠭᠠᠨ ᠤ ᠪᠣᠳᠠᠲᠠᠢ ᠭᠦᠢᠴᠡᠳᠬᠡᠬᠦ ᠵᠢᠷᠤᠮ ᠪᠠ ᠬᠢᠨᠠᠨ ᠪᠠᠶᠢᠴᠠᠭᠠᠬᠤ | ᠠᠭᠤᠯᠭ᠎ᠠ ᠵᠡᠷᠭᠡ ᠶᠢ ᠲᠣᠳᠣᠷᠬᠠᠶᠢᠯᠠᠵᠠᠢ᠃ ᠡᠭᠦᠨ ᠤ ᠬᠠᠮᠲᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠪᠠᠷ | ᠨᠡᠮᠡᠭᠳᠡᠭᠰᠡᠨ ᠭᠠᠵᠠᠷ ᠲᠤ ᠡᠰᠡ ᠬᠤᠯᠪᠣᠭᠳᠠᠬᠤ ᠬᠢᠵᠠᠭᠠᠷᠲᠤ ᠬᠥᠮᠥᠰ ᠤᠨ ᠠᠵᠢᠯᠯᠠᠭ᠎ᠠ ᠳᠤ ᠴᠢᠭᠯᠡᠭᠦᠯᠦᠨ᠂ ᠪᠣᠳᠠᠲᠠᠢ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠᠶᠢᠬᠤ ᠡᠰᠡᠬᠦ ᠪᠠᠷ ᠨᠢ ᠬᠤᠶᠠᠷ ᠵᠦᠢᠯ ᠤᠨ ᠪᠠᠶᠢᠳᠠᠯ ᠬᠤᠪᠢᠶᠠᠨ ᠲᠣᠰ | ᠪᠦᠷᠢ ᠳᠤ ᠨᠢ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠴᠠᠢ᠃ ᠡᠭᠦᠨ ᠳᠤ᠂ ᠪᠣᠳᠠᠲᠠᠢ ᠪᠦᠲᠦᠭᠡᠨ ᠪᠠᠶᠢᠭᠤᠯᠬᠤ | ᠠᠵᠢᠯᠯᠠᠭ᠎ᠠ ᠲᠠᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠭᠠᠳᠯᠠᠨ ᠲᠣᠭᠲᠠᠭᠠᠬᠤ | ᠰᠠᠨᠠᠯ ᠭᠠᠷᠭᠠᠵᠤ ᠥᠭᠭᠦᠭᠡᠳ ᠪᠦᠲᠦᠭᠡᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠵᠢᠴᠢ ᠬᠠᠮᠢᠶ᠎ᠠ ᠪᠦᠬᠦᠢ ᠭᠠᠷᠳᠠᠮ | ᠭᠦᠢᠴᠡᠳᠬᠡᠬᠦ ᠳᠤ ᠨᠢ ᠦᠨᠳᠦᠰᠦᠯᠡᠯ ᠪᠣᠯᠭᠠᠬᠤ ᠶᠢ ᠲᠣᠭᠲᠠᠭᠠᠵᠠᠢ᠃ ᠪᠣᠳᠠᠲᠠᠢ ᠪᠦᠲᠦᠭᠡᠨ ᠪᠠᠶᠢᠭᠤᠯᠬᠤ ᠠᠵᠢᠯᠯᠠᠭ᠎ᠠ | ᠦᠭᠡᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠨᠠᠯᠲᠠ ᠬᠠᠮᠢᠶᠠᠷᠤᠯᠲᠠ ᠶᠢ | ᠰᠠᠶᠢᠲᠤᠷ ᠬᠢᠬᠦ ᠶᠢ ᠲᠣᠳᠣᠷᠬᠠᠶᠢᠯᠠᠭᠰᠠᠨ ᠪᠠᠶᠢᠨ᠎ᠠ᠃ | ᠳᠥᠷᠪᠡ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠤᠯᠤᠰ ᠤᠨ ᠴᠢᠬᠤᠯᠠ ᠶᠡᠭᠡ ᠲᠥᠰᠥᠯ ᠳᠤ | ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠨᠤᠲᠠᠯᠠᠯᠲᠠ ᠶᠢ ᠵᠢᠷᠤᠮᠵᠢᠭᠤᠯᠪᠠ᠃ ︽ᠬᠡᠷᠡᠭᠵᠢᠭᠦᠯᠬᠦ ᠰᠠᠨᠠᠯ︾ ᠳᠤ ᠠᠮᠢ | ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢ ᠨᠢ ᠵᠥᠪᠰᠢᠶᠡᠷᠡᠬᠦ ᠤᠯᠤᠰ ᠤᠨ ᠴᠢᠬᠤᠯᠠ ᠶᠡᠭᠡ | ᠲᠥᠰᠥᠯ ᠤᠨ ᠬᠡᠪᠴᠢᠶ᠎ᠡ ᠶᠢ ᠲᠣᠳᠣᠷᠬᠠᠢ ᠲᠣᠭᠲᠠᠭᠠᠵᠤ᠂ ᠤᠯᠤᠰ ᠤᠨ ᠴᠢᠬᠤᠯᠠ ᠶᠡᠭᠡ ᠲᠥᠰᠥᠯ ᠳᠤ ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠶᠢ ᠨᠤᠲᠠᠯᠠᠬᠤ ᠰᠠᠨᠠᠯ ᠢ ᠭᠠᠷᠭᠠᠬᠤ | ᠭᠦᠢᠴᠡᠳᠬᠡᠬᠦ ᠳᠠᠷᠠᠭᠠᠯᠠᠯ ᠳᠤ ᠲᠣᠭᠲᠠᠭᠠᠯ ᠭᠠᠷᠭᠠᠭᠰᠠᠨ ᠪᠥᠭᠡᠳ ᠪᠣᠳᠠᠲᠠᠢ ᠭᠦᠢᠴᠡᠳᠬᠡᠬᠦ ᠶᠠᠪᠤᠴᠠ ᠵᠢᠴᠢ ᠬᠢᠨᠠᠨ | ᠪᠠᠶᠢᠴᠠᠭᠠᠬᠤ ᠠᠭᠤᠯᠭ᠎ᠠ ᠵᠡᠷᠭᠡ ᠱᠠᠭᠠᠷᠳᠠᠯᠭ᠎ᠠ ᠳᠤᠷᠠᠳᠪᠠ᠃ | ᠲᠠᠪᠤ᠂ ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠪᠠ᠃ ︽ᠬᠡᠷᠡᠭᠵᠢᠭᠦᠯᠬᠦ ᠰᠠᠨᠠᠯ︾ ᠳᠤ | ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷᠠᠬᠢ ᠬᠢᠵᠠᠭᠠᠷᠲᠤ ᠬᠥᠮᠥᠰ ᠤᠨ ᠠᠵᠢᠯᠯᠠᠭ᠎ᠠ ᠪᠠ | ᠤᠯᠤᠰ ᠤᠨ ᠴᠢᠬᠤᠯᠠ ᠶᠡᠭᠡ ᠲᠥᠰᠥᠯ ᠨᠢ ᠲᠦᠷ ᠬᠡᠷᠡᠭᠯᠡᠬᠦ ᠭᠠᠵᠠᠷ ᠲᠤ ᠬᠤᠯᠪᠣᠭᠳᠠᠪᠠᠯ᠂ ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠠᠴᠠ ᠠᠯᠢ ᠴᠢᠳᠠᠬᠤ ᠪᠠᠷ ᠵᠠᠶᠢᠯᠠᠬᠤ ᠬᠡᠷᠡᠭᠲᠡᠢ᠂ ᠦᠨᠡᠬᠡᠷ ᠵᠠᠶᠢᠯᠠᠬᠤ ᠶᠢᠨ ᠠᠷᠭ᠎ᠠ | ᠦᠭᠡᠢ ᠪᠣᠯ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠦᠷ ᠡᠵᠡᠯᠡᠨ ᠬᠡᠷᠡᠭᠯᠡᠬᠦ ᠲᠣᠭᠲᠠᠭᠠᠯ ᠢᠶᠠᠷ | ᠯᠠᠪᠯᠠᠯᠲᠠ ᠪᠣᠯᠭᠠᠨ ᠭᠦᠢᠴᠡᠳᠬᠡᠵᠦ᠂ ᠰᠡᠷᠭᠦᠭᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠲᠣᠳᠣᠷᠬᠠᠶᠢᠯᠠᠵᠠᠢ᠃ | ᠵᠢᠷᠭᠤᠭ᠎ᠠ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠲᠣᠬᠢᠷᠠᠭᠤᠯᠤᠯᠲᠠ ᠶᠢ ᠴᠢᠩᠳᠠᠯᠠᠪᠠ᠃ | ︽ᠬᠡᠷᠡᠭᠵᠢᠭᠦᠯᠬᠦ ᠰᠠᠨᠠᠯ︾ ᠳᠤ ᠤᠯᠤᠰ ᠤᠨ ᠲᠣᠭᠲᠠᠭᠠᠯ ᠶᠣᠰᠣᠭᠠᠷ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠵᠠᠭᠠᠭ ᠬᠢᠵᠠᠭᠠᠷ ᠲᠤ ᠲᠣᠬᠢᠷᠠᠭᠤᠯᠤᠯᠲᠠ ᠬᠢᠬᠦ᠂ ᠨᠢᠭᠡᠨᠲᠡ ᠬᠠᠤᠯᠢ ᠶᠣᠰᠣᠭᠠᠷ ᠲᠣᠭᠲᠠᠭᠠᠭᠰᠠᠨ ᠲᠣᠰᠣ ᠬᠡᠢ ᠶᠢᠨ | ᠠᠭᠤᠷᠬᠠᠢ ᠬᠠᠶᠢᠬᠤ ᠡᠷᠬᠡ ᠶᠢ ᠠᠭᠤᠷᠬᠠᠢ ᠮᠠᠯᠲᠠᠬᠤ ᠡᠷᠬᠡ ᠤᠷᠤᠭᠤ ᠰᠢᠯᠵᠢᠭᠦᠯᠬᠦ ᠪᠠᠷ ᠲᠥᠯᠥᠪᠯᠡᠬᠦ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ︽ᠲᠠᠪᠤᠨ ᠵᠢᠯ ᠳᠤ ᠨᠢᠭᠡ ᠤᠳᠠᠭ᠎ᠠ ᠦᠨᠡᠯᠡᠨ | ᠵᠢᠱᠢᠬᠦ︾ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠡᠰᠡᠭ ᠲᠠᠯ᠎ᠠ ᠶᠢᠨ ᠲᠣᠬᠢᠷᠠᠭᠤᠯᠤᠯᠲᠠ ᠬᠢᠬᠦ ᠶᠢ | ᠬᠡᠷᠡᠭᠵᠢᠭᠦᠯᠬᠦ ᠶᠢ ᠲᠣᠳᠣᠷᠬᠠᠶᠢᠯᠠᠵᠠᠢ᠃ ᠵᠢᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠮᠢ | ᠠᠬᠤᠢ ᠶᠢ ᠬᠠᠮᠠᠭᠠᠯᠠᠬᠤ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠤᠰᠤᠳ ᠪᠣᠳᠠᠲᠠᠢ ᠲᠡᠰ | ᠳᠠᠷᠠᠭᠠᠯᠠᠯ ᠳᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ | ᠢ ᠵᠡᠷᠭᠡᠳᠡ ᠨᠢ ᠰᠢᠨᠡᠳᠬᠡᠬᠦ ᠠᠵᠢᠯ ᠤᠨ ᠱᠠᠭᠠᠷᠳᠠᠯᠭ᠎ᠠ ᠶᠢ ᠳᠤᠷᠠᠳᠴᠠᠢ᠃ | ᠲᠤᠯᠤᠭ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠪᠠ᠃ ︽ᠬᠡᠷᠡᠭᠵᠢᠭᠦᠯᠬᠦ ᠰᠠᠨᠠᠯ︾ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠬᠤᠯᠪᠣᠭᠳᠠᠯ ᠪᠦᠬᠦᠢ ᠰᠢᠢᠳᠪᠦᠷᠢᠲᠦ | ᠪᠣᠳᠣᠯᠭ᠎ᠠ ᠶᠢᠨ ᠴᠢᠬᠤᠯᠠ ᠦᠨᠳᠦᠰᠦᠯᠡᠯ ᠪᠣᠯᠭᠠᠵᠤ᠂ ᠬᠠᠮᠠᠭᠠᠯᠠᠬᠤ ᠪᠠ ᠰᠠᠬᠢᠬᠤ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠬᠦ ᠶᠢ ᠲᠣᠳᠣᠷᠬᠠᠶᠢᠯᠠᠭᠰᠠᠨ ᠮᠥᠷᠲᠡᠭᠡᠨ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠵᠠᠢ᠃ | ᠡᠭᠦᠨ ᠤ ᠬᠠᠮᠲᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷᠠᠬᠢ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠶᠢ ᠴᠢᠩᠭᠠᠳᠬᠠᠨ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷ᠎ᠠ ᠡᠭᠦᠰᠦᠭᠰᠡᠨ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠨᠤᠭᠤᠳ ᠢ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠢ | ᠦᠨᠳᠦᠰᠦᠯᠡᠨ ᠬᠦᠨᠳᠦ ᠪᠠᠷ ᠰᠢᠢᠳᠬᠡᠨ᠎ᠡ ᠭᠡᠵᠦ ᠳᠤᠷᠠᠳᠪᠠ᠃ | | ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠮᠢ ᠠᠬᠤᠢ ᠶᠢ ᠬᠠᠮᠠᠭᠠᠯᠠᠬᠤ | ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠪᠣᠳᠠᠲᠠᠢ ᠪᠠᠷ ᠨᠠᠶᠢᠳᠠᠪᠤᠷᠢᠵᠢᠭᠤᠯᠵᠤ᠂ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ | ᠬᠡᠷᠡᠭᠵᠢᠭᠦᠯᠦᠨ᠂ ᠤᠬᠠᠭᠤᠯᠭ᠎ᠠ ᠪᠣᠯᠪᠠᠰᠤᠷᠠᠯ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ᠂ | ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠶ ᠪᠣᠯᠭᠠᠵᠤ᠂ ᠪᠠᠶᠢᠭᠤᠯᠤᠯ ᠲᠣᠭᠲᠠᠴᠠ ᠶᠢ ᠴᠢᠨᠠᠭᠰᠢᠳᠠ ᠤᠯᠠᠮ | ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠳᠤ | ᠰᠠᠭᠤᠷᠢ ᠲᠠᠯᠪᠢᠬᠤ ᠬᠡᠷᠡᠭᠲᠡᠢ᠃ | |