ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠦᠮᠡᠳ ᠵᠡᠭᠦᠨ ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠵᠢᠵᠢᠭ ᠲᠣᠭᠤᠷᠢᠭ ᠪᠠ ᠵᠢᠵᠢᠭ ᠪᠢᠴᠢᠯ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠶᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2023/12/5
     ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠨᠤᠭᠤ ᠭᠠᠵᠠᠷ ᠤᠨ ᠬᠠᠮᠠᠭᠠᠯᠠᠯᠲᠠ ᠬᠦᠴᠦᠨ ᠲᠡᠭᠦᠯᠳᠡᠷ ᠪᠤᠰᠤ︾ ᠪᠠᠶᠢᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠨᠤᠭᠤ ᠭᠠᠵᠠᠷ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠮᠠᠨ ᠤ ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ︵2022 ︱ 2030︶︾ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ 4 ᠨᠤᠭᠤ ᠭᠠᠵᠠᠷ ᠤᠨ ᠬᠠᠮᠠᠭᠠᠯᠠᠯᠲᠠ ᠶᠢᠨ ᠲᠣᠭᠤᠷᠢᠭ ᠪᠠ 1 ᠵᠢᠵᠢᠭ ᠪᠢᠴᠢᠯ ᠨᠤᠭᠤ ᠭᠠᠵᠠᠷ ᠢ ᠪᠠᠶᠢᠭᠤᠯᠵᠤ᠂ ᠬᠤᠲᠠ ᠶᠢᠨ ᠲᠠᠰ ᠤᠨ ᠴᠢᠬᠤᠯᠠ ᠨᠤᠭᠤ ᠭᠠᠵᠠᠷ ᠤᠨ ᠶᠡᠭᠡ ᠬᠠᠷ᠎ᠠ ᠭᠤᠣᠯ ᠤᠨ ᠰᠠᠪᠠ ᠭᠠᠵᠠᠷ᠂ ᠪᠠᠭ᠎ᠠ ᠬᠠᠷ᠎ᠠ ᠭᠤᠣᠯ ᠤᠨ ᠰᠠᠪᠠ ᠭᠠᠵᠠᠷ ᠤᠨ ᠲᠦᠮᠡᠳ ᠵᠡᠭᠦᠨ ᠬᠤᠰᠢᠭᠤᠨ ᠤ ᠬᠡᠰᠡᠭ ᠢ ᠮᠠᠨ ᠤ ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠣᠭᠤᠷᠢᠭ ᠪᠣᠯᠭᠠᠬᠤ ᠪᠠᠷ ᠲᠥᠯᠥᠪᠯᠡᠵᠦ ᠪᠣᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠠᠨ ᠨᠡᠶᠢᠲᠡ ᠳᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ᠂ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠤᠶᠤ ᠬᠤᠪᠢ ᠬᠥᠮᠥᠨ ᠬᠡᠷᠪᠡ ᠣᠨᠳᠣᠣ ᠰᠠᠨᠠᠯ ᠲᠠᠢ ᠪᠣᠯ᠂ ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠴᠠᠭ ᠲᠤᠬᠠᠢ ᠳᠤᠨᠢ ᠲᠤᠰᠬᠠᠬᠤ ᠬᠡᠷᠡᠭᠲᠡᠢ᠃
C:\Users\bch\Desktop\新\12.05\12.05  公示公开图.png
      1. ᠢᠯᠡ ᠨᠡᠶᠢᠲᠡᠯᠡᠬᠦ ᠵᠠᠭᠤᠴᠢᠯᠠᠭᠤᠷ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ     2᠂ ᠵᠠᠷᠯᠠᠨ ᠨᠡᠶᠢᠲᠡᠯᠡᠭᠰᠡᠨ ᠡᠳᠦᠷ ᠬᠤᠭᠤᠴᠠᠭ᠎ᠠ᠄ 2023 ᠣᠨ ᠤ 12 ᠰᠠᠷ᠎ᠠ ᠶᠢᠨ 5  ᠤ ᠡᠳᠦᠷ ᠠᠴᠠ 12 ᠰᠠᠷ᠎ᠠ ᠶᠢᠨ 12  ᠤᠨ ᠡᠳᠦᠷ ᠪᠣᠯᠲᠠᠯ᠎ᠠ     3᠂ ᠬᠦᠯᠢᠶᠡᠨ ᠠᠪᠬᠤ ᠤᠲᠠᠰᠤ ᠪᠣᠯᠣᠨ ᠰᠤᠷᠪᠤᠯᠵᠢᠯᠠᠬᠤ ᠪᠠᠷ ᠢᠷᠡᠭᠰᠡᠨ ᠬᠠᠶ᠋ᠢᠭᠤᠲᠠᠰᠤ᠄ 0471-8112934     ᠴᠢᠮᠡᠭᠡ ᠨᠡᠪᠲᠡᠷᠡᠯᠭᠡ ᠶᠢᠨ ᠬᠠᠶ᠋ᠢᠭ᠄ ᠲᠦᠮᠡᠳ ᠵᠡᠭᠦᠨ ᠬᠤᠰᠢᠭᠤᠨ ᠤ ᠴᠠᠰᠤᠴᠢ ᠪᠠᠯᠭᠠᠰᠤᠨ ᠤ ᠴᠡᠯᠡᠭᠡᠷ ᠲᠠᠯ᠎ᠠ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号