ᠪᠥᠬᠦ ᠬᠤᠰᠢᠭᠤᠨ ᠤ ᠬᠡᠪᠴᠢᠶᠡᠨ ᠳᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠫᠷᠤᠭ᠍ᠷᠡᠮ ᠢ ᠴᠤᠭᠯᠠᠭᠤᠯᠬᠤ ᠲᠤᠬᠠᠢ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/12/6
     ᠬᠤᠰᠢᠭᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠡᠯ᠎ᠡ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠡᠯ᠎ᠡ ᠬᠤᠯᠪᠣᠭᠳᠠᠯ ᠪᠦᠬᠦᠢ ᠨᠢᠭᠡᠴᠡ ᠳᠤ᠄     ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ‍ᠤᠨ‌‍ᠫᠷᠤᠭ᠍ᠷᠡᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠭᠡᠳᠡᠭ ᠨᠢ ᠬᠤᠰᠢᠭᠤᠨ ᠤ ᠵᠠᠰᠠᠭ ᠤᠨ ᠣᠷᠳᠣᠨ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠵᠢᠱᠢᠭᠳᠡᠭᠴᠢ ᠶᠢᠨ ᠲᠥᠷᠥᠯ ᠵᠦᠢᠯ ᠢ ᠬᠤᠰᠢᠭᠤᠨ ᠤ ᠨᠠᠮ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠤ ᠪᠢᠯᠧᠲ ᠥᠭᠴᠦ ᠪᠠᠲᠤᠯᠠᠬᠤ ᠬᠡᠯᠪᠡᠷᠢ ᠪᠠᠷ ᠰᠣᠩᠭᠤᠨ ᠲᠣᠭᠲᠠᠭᠠᠭᠰᠠᠨ ᠵᠢᠩᠬᠢᠨᠢ ᠲᠥᠷᠥᠯ ᠵᠦᠢᠯ ᠢ ᠬᠤᠰᠢᠭᠤᠨ ᠤ ᠵᠠᠰᠠᠭ ᠤᠨ ᠣᠷᠳᠣᠨ ᠳᠤ ᠲᠤᠰᠢᠶᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠣᠯᠠᠨ ᠤ ᠬᠢᠨᠠᠯᠲᠠ ᠲᠠᠯᠪᠢᠬᠤ ᠳᠦᠷᠢᠮ ᠢ ᠬᠦᠯᠢᠶᠡᠨ᠎ᠡ᠃     ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠫᠷᠤᠭ᠍ᠷᠡᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠬᠠᠮᠢᠶ᠎ᠠ ᠪᠦᠬᠦᠢ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠷᠠᠳ ᠣᠯᠠᠨ ᠤ ᠬᠠᠯᠠᠮᠵᠢᠯᠠᠯ ᠳᠤ ᠰᠠᠭᠤᠷᠢᠯᠠᠨ᠂ ᠪᠥᠬᠦ ᠬᠤᠰᠢᠭᠤᠨ ᠤ ᠬᠡᠪᠴᠢᠶᠡᠨ ᠳᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠫᠷᠤᠭ᠍ᠷᠡᠮ ᠢ ᠴᠤᠭᠯᠠᠭᠤᠯᠤᠨ᠎ᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠡᠯᠰᠡᠭᠰᠡᠨ ᠡᠳᠦᠷ ᠬᠤᠭᠤᠴᠠᠭ᠎ᠠ     2023 ᠣᠨ ᠤ 12 ᠰᠠᠷ᠎ᠠ ᠶᠢᠨ 6 ᠤ ᠡᠳᠦᠷ ᠠᠴᠠ 2023 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠃     ᠬᠤᠶᠠᠷ᠂ ᠡᠯᠰᠡᠬᠦ ᠡᠲᠡᠭᠡᠳ     ᠫᠷᠤᠭ᠍ᠷᠡᠮ ᠢ ᠡᠯᠰᠡᠬᠦ ᠳᠤ ᠭᠤᠣᠯᠳᠠᠭᠤ ᠲᠦᠮᠡᠳ ᠵᠡᠭᠦᠨ ᠬᠤᠰᠢᠭᠤᠨ  ᠤ ᠬᠠᠷᠢᠶ᠎ᠠ ᠣᠷᠣᠨ  ᠤ ᠰᠠᠭᠤᠭᠠᠯᠢ ᠠᠷᠠᠳ ᠪᠣᠯᠣᠨ ᠬᠤᠰᠢᠭᠤᠨ  ᠤ ᠬᠠᠷᠢᠶᠠᠨ ᠳᠠᠬᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠡᠯ᠎ᠡ ᠨᠢᠭᠡᠴᠡ᠂ ᠦᠨᠳᠦᠰᠦᠨ ᠱᠠᠲᠤᠨ  ᠤ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ  ᠤᠨ ᠡᠯ᠎ᠡ ᠡᠲᠡᠭᠡᠳ  ᠤᠨ ᠤᠯᠠᠨ ᠲᠦᠮᠡᠨ  ᠢ ᠡᠯᠰᠡᠨ᠎ᠡ᠃     ᠭᠤᠷᠪᠠ᠂ ᠡᠯᠰᠡᠬᠦ ᠠᠭᠤᠯᠭ᠎ᠠ ᠬᠢᠭᠡᠳ ᠬᠡᠪᠴᠢᠶ᠎ᠡ     ᠥᠷᠭᠡᠨ ᠤᠯᠠᠨ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠵᠢᠮᠤᠷ ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠨ᠂ ︽ᠤᠯᠠᠨ ᠲᠦᠮᠡᠨ ᠬᠡᠷᠡᠭᠴᠡᠭᠡ ᠲᠠᠢ ᠪᠣᠯ ᠡᠳ᠋ ᠤᠨ ᠵᠠᠰᠠᠭ ᠳᠠᠭᠠᠭᠠᠵᠤ ᠳᠡᠶᠢᠯᠬᠦ︾᠂ ︽ᠤᠴᠢᠷ ᠶᠠᠪᠤᠳᠠᠯ ᠢ ᠶᠡᠭᠡ ᠪᠠᠭ᠎ᠠ ᠭᠡᠵᠦ ᠢᠯᠭᠠᠬᠤ ᠦᠭᠡᠢ ᠪᠠᠷ ᠥᠷᠭᠡᠨ ᠬᠡᠪᠴᠢᠶ᠎ᠡ ᠲᠠᠢ ᠪᠠᠶᠢᠯᠭᠠᠬᠤ︾᠂ ︽ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ︾᠂ ︽ᠲᠤᠬᠠᠢ ᠶᠢᠨ ᠵᠢᠯ ᠳᠤ ᠪᠡᠶᠡᠯᠡᠭᠦᠯᠵᠦ ᠳᠡᠶᠢᠯᠬᠦ ᠪᠣᠯᠪᠠᠴᠤ ᠰᠡᠷᠡᠵᠦ ᠮᠡᠳᠡᠬᠦ︾ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠨᠢᠭᠡ ᠪᠦᠯᠦᠭ ᠵᠦᠢᠯᠡᠰ ᠢ ᠲᠣᠬᠢᠷᠠᠭᠤᠯᠬᠤ ᠪᠠᠷ ᠴᠢᠷᠮᠠᠶᠢᠨ᠎ᠠ᠃ ᠡᠭᠦᠨ ᠳᠤ᠄ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠦᠢᠯᠡᠰ᠂ ᠡᠷᠡᠭᠦᠯ ᠬᠠᠮᠠᠭᠠᠯᠠᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ᠂ ᠣᠷᠴᠢᠨ ᠠᠬᠤᠢ ᠶᠢ ᠴᠡᠭᠴᠡᠯᠡᠨ ᠵᠠᠰᠠᠬᠤ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠳᠤ ᠬᠤᠯᠪᠣᠭᠳᠠᠬᠤ ᠪᠤᠰᠤᠳ ᠲᠥᠷᠥᠯ ᠵᠦᠢᠯ ᠪᠠᠭᠲᠠᠨ᠎ᠠ᠃     ᠳᠥᠷᠪᠡ᠂ ᠡᠯᠰᠡᠬᠦ ᠱᠠᠭᠠᠷᠳᠠᠯᠭ᠎ᠠ     1. ᠫᠷᠤᠭ᠍ᠷᠡᠮ ᠢ ᠴᠤᠭᠯᠠᠭᠤᠯᠬᠤ ᠲᠠᠯ᠎ᠠ ᠪᠠᠷ᠂ ᠰᠠᠨᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠨᠥᠬᠦᠴᠡᠯ ᠨᠢ ᠨᠡᠯᠢᠶᠡᠳ ᠪᠣᠯᠪᠠᠰᠤᠷᠠᠩᠭᠤᠢ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠬᠡᠷᠡᠭᠲᠡᠢ᠃ ᠡᠩ ᠤᠨ ᠪᠠᠶᠢᠳᠠᠯ ᠳᠤ ᠫᠷᠤᠭ᠍ᠷᠡᠮ ᠤᠨ ᠨᠡᠷᠡᠶᠢᠳᠦᠯ᠂ ᠠᠬᠤᠢ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠬᠡᠷᠡᠭᠵᠢᠭᠦᠯᠬᠦ ᠭᠤᠣᠯ ᠴᠣᠭᠴᠠ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠡᠯᠡ ᠮᠥᠩᠭᠦ ᠶᠢᠨ ᠢᠷᠡᠯᠲᠡ ᠶᠢ ᠪᠠᠭᠲᠠᠭᠠᠬᠤ ᠶᠢᠨ ᠬᠠᠮᠲᠤ ᠪᠣᠯᠣᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠢ ᠠᠭᠤᠯᠭ᠎ᠠ ᠶᠢ ᠭᠠᠷᠭᠠᠵᠤ ᠥᠭᠬᠦ ᠬᠡᠷᠡᠭᠲᠡᠢ᠂ ᠣᠨᠴᠠᠭᠠᠶ ᠪᠠᠶᠢᠳᠠᠯ ᠳᠤ ᠴᠤ ᠳᠥᠭᠦᠮᠴᠢᠯᠡᠨ ᠰᠢᠢᠳᠪᠦᠷᠢᠯᠡᠵᠦ ᠪᠣᠯᠣᠨ᠎ᠠ᠃     2. ᠫᠷᠤᠭ᠍ᠷᠡᠮ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠲᠥᠯᠥᠭᠡᠯᠡᠬᠦ ᠴᠢᠨᠠᠷ᠂ ᠪᠥᠬᠦ ᠲᠠᠯ᠎ᠠ ᠶᠢᠨ ᠴᠢᠨᠠᠷ᠂ ᠠᠰᠢᠭ ᠭᠥᠷᠳᠡᠬᠦ ᠬᠡᠪᠴᠢᠶ᠎ᠡ ᠪᠠᠷ ᠥᠷᠭᠡᠨ᠂ ᠠᠰᠢᠭ ᠭᠥᠷᠳᠡᠬᠦ ᠬᠡᠪᠴᠢᠶ᠎ᠡ ᠪᠠᠷ ᠶᠡᠭᠡ᠂ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠢ ᠵᠡᠷᠭᠡ ᠣᠨᠴᠠᠯᠢᠭ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃     3. ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠪᠣᠯᠣᠮᠵᠢᠲᠤ ᠴᠢᠨᠠᠷ ᠢ ᠪᠦᠷᠢᠳᠦᠭᠦᠯᠵᠦ᠂ ᠬᠤᠰᠢᠭᠤᠨ ᠬᠡᠪᠴᠢᠶᠡᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠬᠢᠵᠠᠭᠠᠷ ᠲᠠᠢ ᠡᠳ᠋ ᠤᠨ ᠬᠦᠴᠦᠨ ᠪᠠ ᠡᠬᠢ ᠪᠠᠶᠠᠯᠢᠭ ᠢᠶᠠᠨ ᠠᠷᠠᠳ ᠤᠨ ᠠᠮᠢᠳᠤᠷᠠᠯ ᠤᠨ ᠠᠵᠤ ᠠᠬᠤᠢ ᠶᠢᠨ ᠬᠥᠭᠵᠢᠯᠲᠡ ᠶᠢ ᠤᠷᠢᠳᠠᠪᠠᠷ ᠳᠡᠮᠵᠢᠬᠦ ᠬᠡᠷᠡᠭᠲᠡᠢ᠃     4. ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ᠂ ᠡᠵᠡᠮᠳᠡᠵᠦ ᠪᠣᠯᠬᠤ ᠴᠢᠨᠠᠷ ᠢ ᠪᠦᠷᠢᠯᠳᠦᠭᠦᠯᠵᠦ᠂ ᠡᠩ ᠤᠨ ᠪᠠᠶᠢᠳᠠᠯ ᠳᠤ ᠲᠤᠬᠠᠢ ᠶᠢᠨ ᠵᠢᠯ ᠳᠤ ᠪᠡᠶᠡᠯᠡᠭᠦᠯᠬᠦ ᠪᠤᠶᠤ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠬᠤ ᠬᠡᠷᠡᠭᠲᠡᠢ᠃     ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ     1. ᠡᠯ᠎ᠡ ᠨᠢᠭᠡᠴᠡ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ︽ᠲᠦᠮᠡᠳ ᠵᠡᠭᠦᠨ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠡᠯᠰᠡᠬᠦ ᠬᠦᠰᠦᠨᠦᠭᠲᠦ︾ ᠶᠢ ᠪᠠᠭᠤᠯᠭᠠᠨ ᠠᠪᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠠᠭᠯᠠᠨ ᠮᠡᠳᠡᠭᠦᠯᠵᠦ ᠪᠣᠯᠣᠨ᠎ᠠ᠃     2. ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠠᠴᠠ ᠬᠤᠰᠢᠭᠤᠨ ᠤ ᠬᠠᠷᠢᠶᠠᠨ ᠳᠠᠬᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠵᠤ ᠶᠠᠷᠢᠯᠴᠠᠬᠤ ᠬᠤᠷᠠᠯ᠂ ᠨᠤᠲᠠᠯᠠᠯᠲᠠ ᠶᠢᠨ ᠬᠤᠷᠠᠯ ᠤᠨ ᠬᠡᠯᠪᠡᠷᠢ ᠪᠠᠷ ᠰᠠᠨᠠᠯ ᠰᠠᠨᠠᠭᠤᠯᠭ᠎ᠠ ᠴᠤᠭᠯᠠᠭᠤᠯᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ᠂ ᠡᠯ᠎ᠡ ᠣᠷᠣᠨ ᠪᠦᠰᠡ ᠶᠢᠨ ᠦᠢᠯᠡᠴᠢᠯᠡᠭᠡᠨ ᠤ ᠲᠥᠪ ᠨᠢ ᠬᠠᠷᠢᠶ᠎ᠠ ᠣᠷᠣᠨ ᠤ ᠪᠠᠨ ᠨᠠᠮ ᠤᠨ ᠡᠭᠦᠷ᠂ ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠶᠢᠨ ᠬᠠᠮᠲᠤ ᠨᠠᠮ ᠤᠨ ᠬᠤᠷᠢᠶ᠎ᠠ ᠪᠠᠷ ᠰᠤᠳᠤᠯᠤᠭᠤᠯᠤᠨ ᠳᠡᠭᠡᠭᠰᠢ ᠮᠡᠳᠡᠭᠦᠯᠬᠦ ᠬᠡᠷᠡᠭᠲᠡᠢ ᠃ ᠡᠯ᠎ᠡ ᠬᠠᠮᠢᠶ᠎ᠠ ᠪᠦᠬᠦᠢ ᠵᠥᠪᠯᠡᠯ ᠠᠯᠪᠠᠨ ᠭᠡᠷ ᠤᠨ ᠲᠣᠪᠴᠢᠶ᠎ᠠ ᠨᠢ ᠨᠠᠮ ᠤᠨ ᠭᠡᠰᠢᠭᠦᠨ ᠲᠥᠯᠥᠭᠡᠯᠡᠭᠴᠢ᠂ ᠦᠢᠯᠡᠴᠢᠯᠡᠬᠦ ᠡᠲᠡᠭᠡᠳ ᠤᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠠᠮᠵᠢᠨ ᠰᠤᠳᠤᠯᠵᠤ ᠳᠡᠭᠡᠭᠰᠢ ᠮᠡᠳᠡᠭᠦᠯᠬᠦ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠪᠢᠴᠢᠭ ᠤᠨ ᠬᠡᠯᠪᠡᠷᠢ᠂ ᠵᠠᠬᠢᠳᠠᠯ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ ᠰᠠᠨᠠᠯ ᠪᠠ ᠰᠠᠨᠠᠭᠤᠯᠭ᠎ᠠ ᠳᠤᠷᠠᠳᠴᠤ ᠪᠣᠯᠣᠨ᠎ᠠ᠃     3. 2023 ᠣᠨ ᠤ 12 ᠰᠠᠷ᠎ᠠ ᠶᠢᠨ 21 ᠤ ᠡᠳᠦᠷ ᠤᠨ ᠦᠳᠡ ᠶᠢᠨ 12᠄ 00  ᠠᠴᠠ ᠡᠮᠦᠨ᠎ᠡ ᠡᠯᠧᠺᠲᠷᠣᠨ ᠬᠡᠪᠯᠡᠯ ᠤᠨ ᠮᠠᠲ᠋ᠧᠷᠢᠶᠠᠯ ︵WORD+PDF ᠬᠡᠪᠯᠡᠯ︶ ᠢ ᠰᠢᠤᠳᠠᠨ ᠤ ᠬᠠᠶᠢᠷᠴᠠᠭ tzqzfb2023@163.com ᠶᠠᠪᠤᠭᠤᠯᠵᠤ᠂ ᠴᠠᠭᠠᠰᠤᠨ ᠬᠡᠪᠯᠡᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠲᠦᠮᠡᠳ ᠵᠡᠭᠦᠨ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ 602 ᠲᠠᠰᠤᠭ ᠲᠤ ᠮᠡᠳᠡᠭᠦᠯᠦᠨ ᠬᠦᠷᠭᠡᠭᠡᠷᠡᠢ ︵ᠨᠢᠭᠡᠴᠡ ᠶᠢᠨ ᠭᠤᠣᠯ ᠤᠳᠤᠷᠢᠳᠤᠯᠭ᠎ᠠ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠨ᠎ᠠ︶᠃     ᠬᠠᠷᠢᠯᠴᠠᠬᠤ ᠬᠥᠮᠥᠨ᠄ ᠯᠢ ᠱᠦ᠋ ᠭᠤᠸᠠᠩ     ᠯᠠᠪᠯᠠᠨ ᠠᠰᠠᠭᠤᠬᠤ ᠤᠲᠠᠰᠤ᠄ 15598164119                 ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                       2023 ᠣᠨ ᠤ 12 ᠰᠠᠷ᠎ᠠ ᠶᠢᠨ 6 ᠤ ᠡᠳᠦᠷ ᠨᠠᠷᠢᠨ ᠠᠭᠤᠯᠭ᠎ᠠ ᠶᠢ ᠠᠳᠡ ᠲᠤᠪᠴᠢᠳᠠᠵᠤ ᠦᠵᠡᠭᠡᠷᠡᠢ 
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号