ᠭᠤᠣᠯ ᠰᠡᠳᠦᠪ᠄ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠳᠤ ᠰᠠᠭᠤᠷᠢᠯᠠᠨ ᠬᠤᠲᠠ ᠶᠢ ︽ | ᠥᠩᠭᠡ ᠵᠢᠰᠦ︾ ᠲᠠᠢ ᠪᠣᠯᠭᠠᠵᠤ᠂ ᠨᠡᠩ ︽ᠴᠢᠨᠠᠷ ᠴᠢᠨᠰᠠᠭ᠎ᠠ︾ ᠲᠠᠢ ᠪᠣᠯᠭᠠᠨ᠎ᠠ | ᠴᠠᠭ᠄ 2023 - 12 - 08 10᠄ 00 | ᠵᠣᠴᠢᠨ᠄ ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠪᠠᠢ ᠯᠢ | ᠢᠦᠢ᠂ ᠪᠦᠲᠦᠭᠡᠨ ᠪᠠᠶᠢᠭᠤᠯᠤᠯᠲᠠ ᠶᠢᠨ ᠫᠷᠥᠭᠷᠡᠮ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠳ᠋ᠦᠩ ᠹᠧᠩ | ᠪᠢᠩ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ | ᠠᠩᠭᠢ ᠶᠢᠨ ᠳᠡᠳ᠋ ᠳᠠᠷᠤᠭ᠎ᠠ ᠯᠢᠦ ᠬᠤᠩ ᠵᠢᠶᠦ᠋ᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠠᠷᠤᠭ᠎ᠠ ᠶᠦᠨ ᠰᠢᠶᠣᠣ ᠳ᠋ᠦᠩ | ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | | | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠃᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ ᠄ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠮᠠᠨ ᠤ ᠬᠤᠲᠠ ᠶᠢᠨ ︽2023 ᠣᠨ ᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ︽ᠬᠤᠲᠠ ᠶᠢᠨ ᠬᠠᠮᠢᠶᠠᠷᠤᠯᠲᠠ ᠶᠢ ︿ᠰᠢᠯᠢᠳᠡᠭᠴᠢᠯᠡᠵᠦ﹀᠂ | ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠵᠠᠮ ᠬᠠᠷᠢᠯᠴᠠᠭ᠎ᠠ᠂ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠵᠡᠷᠭᠡ ᠶᠢ | ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠬᠤᠲᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠤ | ᠣᠷᠴᠢᠨ ᠠᠬᠤᠢ ᠶᠢᠨ ᠶᠡᠭᠡ ᠴᠡᠭᠴᠡᠯᠡᠨ ᠵᠠᠰᠠᠯᠲᠠ᠂ ᠶᠠᠰᠤ ᠴᠢᠨᠠᠷ ᠤᠨ ᠶᠡᠭᠡ ᠳᠡᠭᠡᠭᠰᠢᠯᠡᠯᠲᠡ ᠶᠢ ᠲᠦᠯᠬᠢᠨ | ᠠᠬᠢᠭᠤᠯᠬᠤ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃ ᠡᠨᠡ ᠵᠢᠯ ᠠᠴᠠ ᠨᠠᠰᠢ ᠮᠠᠨ ᠤ ᠬᠤᠲᠠ ᠶᠢᠨ ᠳᠦᠷᠢ | ᠲᠥᠷᠬᠦ ᠶᠢᠨ ᠠᠵᠢᠯ ᠳᠤ ᠶᠠᠮᠠᠷ ᠶᠠᠮᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠪᠣᠯᠤᠭᠰᠠᠨ ᠪᠣᠶ︖ | ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠪᠠᠢ ᠯᠢ ᠢᠦᠢ ᠄ | ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ | ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠣᠳᠣᠬᠢᠴᠢᠯᠠᠭᠰᠠᠨ ᠲᠠᠯ᠎ᠠ | ᠨᠤᠲᠤᠭ ᠤᠨ ᠬᠤᠲᠠ ᠶᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠷᠠᠳ ᠤᠨ ᠲᠥᠯᠥᠭᠡ᠂ | ᠠᠷᠠᠳ ᠲᠤ ᠠᠰᠢᠭ ᠬᠦᠷᠲᠡᠭᠡᠬᠦ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ | ᠬᠥᠮᠥᠨ ᠢᠶᠠᠷ ᠦᠨᠳᠦᠰᠦ ᠪᠣᠯᠭᠠᠬᠤ᠂ ᠦᠢᠯᠡᠴᠢᠯᠡᠭᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠲᠠᠪᠤᠨ | ᠲᠣᠬᠢᠷᠠᠮᠵᠢᠲᠠᠢ︾ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠤᠲᠠ ᠶᠢᠨ | ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠤᠲᠠ ᠶᠢᠨ ︽ᠬᠤᠸᠠᠷ ᠫᠤᠤᠵᠢᠩ︾ | ᠢ ᠳᠡᠯᠭᠡᠷᠡᠭᠦᠯᠬᠦ᠂ ᠬᠤᠲᠠ ᠶᠢᠨ ᠦᠵᠡᠮᠵᠢ ᠶᠢ ᠭᠤᠶᠣᠵᠢᠭᠤᠯᠤᠨ ᠭᠡᠷᠡᠯᠲᠦᠭᠦᠯᠬᠦ᠂ ᠲᠡᠷᠭᠡ ᠵᠣᠭᠰᠤᠭᠠᠬᠤ ᠳᠤ ᠬᠦᠴᠢᠷ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠵᠡᠷᠭᠡ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠬᠠᠤᠯᠢ | ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ᠂ ᠪᠠᠷᠢᠮᠵᠢᠶ᠎ᠠ ᠶᠢᠨ ᠳᠦᠷᠢᠮ ᠤᠨ ᠪᠠᠶᠢᠭᠤᠯᠤᠯᠲᠠ ᠪᠠ ᠬᠤᠲᠠ ᠶᠢᠨ | ᠬᠠᠮᠢᠶᠠᠷᠤᠯᠲᠠ ᠶᠢᠨ ᠲᠣᠭᠠᠨ ᠤ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠤᠲᠠ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠬᠢᠨᠠᠮᠠᠭᠠᠢ ᠴᠢᠩᠭ᠎ᠠ ᠨᠢᠮᠪᠠᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠬᠤᠲᠠ ᠪᠠᠶᠢᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠵᠦ᠂ | ᠪᠡᠯᠡᠳᠬᠡᠮᠵᠢ ᠶᠢᠨ ᠴᠢᠳᠠᠮᠵᠢ ᠨᠢ ᠨᠠᠩ ᠪᠦᠷᠢᠨ ᠲᠡᠭᠦᠯᠳᠡᠷ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠨᠢ | ᠨᠠᠩ ᠴᠡᠪᠡᠷ ᠲᠡᠭᠰᠢ᠂ ᠠᠮᠢᠳᠤᠷᠠᠯ ᠤᠨ ᠡᠮᠬᠢ ᠳᠢᠭᠯᠢᠮ ᠨᠢ ᠨᠠᠩ ᠴᠡᠪᠡᠷ ᠲᠡᠭᠰᠢ᠂ ᠵᠠᠮ ᠬᠠᠷᠢᠯᠴᠠᠭ᠎ᠠ ᠶᠠᠪᠤᠵᠤ | ᠰᠠᠭᠤᠬᠤ ᠨᠢ ᠨᠠᠩ ᠳᠥᠭᠦᠮ ᠳᠥᠲᠡ᠂ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠨᠠᠩ ᠰᠢᠨᠵᠢᠯᠡᠬᠦ ᠤᠬᠠᠭᠠᠨᠴᠢ᠂ | ᠬᠠᠤᠯᠢ ᠬᠡᠷᠡᠭᠵᠢᠭᠦᠯᠬᠦ ᠦᠢᠯᠡᠴᠢᠯᠡᠭᠡ ᠨᠢ ᠨᠠᠩ ᠪᠦᠷᠢᠨ ᠭᠦᠢᠴᠡᠳ᠂ ᠬᠠᠮᠲᠤᠪᠠᠷ ᠵᠠᠰᠠᠬᠤ ᠠᠭᠤᠷ ᠠᠮᠢᠰᠬᠤᠯ ᠨᠢ | ᠨᠠᠩ ᠡᠶ᠎ᠡ ᠵᠣᠬᠢᠴᠠᠯ ᠲᠠᠢ ᠬᠤᠲᠠ ᠶᠢᠨ ᠰᠢᠨ᠎ᠡ ᠳᠦᠷᠢ ᠲᠥᠷᠬᠦ ᠶᠢ ᠴᠢᠷᠮᠠᠶᠢᠨ ᠪᠣᠶ ᠪᠣᠯᠭᠠᠨ᠎ᠠ᠃ | ᠬᠥᠲᠥᠯᠥᠭᠴᠢ : | ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ | ᠳᠡᠭᠡᠭᠰᠢᠯᠡᠬᠦ ᠶᠢ ᠳᠠᠭᠠᠯᠳᠤᠨ᠂ ᠨᠣᠬᠠᠢ ᠲᠡᠵᠢᠭᠡᠬᠦ ᠬᠤᠲᠠ ᠶᠢᠨ ᠠᠷᠠᠳ ᠲᠠᠰᠤᠷᠠᠯᠲᠠ ᠦᠭᠡᠢ ᠣᠯᠠᠰᠢᠷᠠᠵᠤ᠂ ᠵᠠᠷᠢᠮ | ᠪᠣᠯᠪᠠᠰᠤᠨ ᠪᠤᠰᠤ ᠨᠣᠬᠠᠢ ᠲᠡᠵᠢᠭᠡᠬᠦ ᠦᠵᠡᠭᠳᠡᠯ ᠴᠦ ᠳᠠᠭᠠᠯᠳᠤᠨ ᠢᠯᠡᠷᠡᠪᠡ᠂ ᠡᠨᠡ ᠵᠢᠯ ᠤᠨ ᠪᠥᠬᠦ ᠰᠦᠯᠵᠢᠶᠡᠨ ᠤ | ᠠᠩᠬᠠᠷᠤᠯ ᠢᠶᠠᠷ ᠨᠡᠯᠢᠶᠡᠳ ᠥᠨᠳᠥᠷ ᠪᠠᠶᠢᠭ᠎ᠠ ᠪᠣᠯᠪᠠᠰᠤᠨ ᠪᠤᠰᠤ ᠨᠣᠬᠠᠢ ᠲᠡᠵᠢᠭᠡᠬᠦ ᠦᠵᠡᠭᠳᠡᠯ ᠳᠤ ᠴᠢᠭᠯᠡᠭᠦᠯᠦᠨ᠂ | ᠬᠤᠲᠠ ᠶᠢᠨ ᠬᠠᠮᠢᠶᠠᠷᠤᠯᠲᠠ ᠶᠢᠨ ᠲᠠᠯ᠎ᠠ ᠠᠴᠠ ᠦᠵᠡᠪᠡᠯ᠂ ᠪᠣᠯᠪᠠᠰᠤᠨ ᠢᠶᠠᠷ ᠨᠣᠬᠠᠢ ᠲᠡᠵᠢᠭᠡᠬᠦ ᠲᠠᠯ᠎ᠠ ᠪᠠᠷ ᠬᠡᠷᠬᠢᠨ | ᠦᠵᠡᠵᠦ ᠪᠠᠶᠢᠬᠤ ᠪᠣᠶ︖ | ᠪᠦᠲᠦᠬᠡᠨ ᠪᠠᠶᠢᠭᠤᠯᠤᠯᠲᠠ ᠶᠢᠨ ᠵᠦᠢᠯ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠳ᠋ᠦᠩ ᠹᠧᠩ ᠪᠢᠩ : | ᠪᠣᠯᠪᠠᠰᠤᠨ ᠢᠶᠠᠷ ᠨᠣᠬᠠᠢ ᠲᠡᠵᠢᠭᠡᠬᠦ ᠪᠣᠯ ᠨᠣᠬᠠᠢ ᠲᠡᠵᠢᠭᠡᠭᠴᠢ ᠶᠢᠨ ᠬᠠᠷᠢᠭᠤᠴᠠᠯᠭ᠎ᠠ ᠪᠠ ᠡᠭᠦᠷᠭᠡ ᠪᠣᠯᠬᠤ ᠪᠠᠷ | ᠪᠠᠷᠠᠬᠤ ᠦᠭᠡᠢ᠂ ᠪᠠᠰᠠ ᠴᠤ ᠬᠤᠲᠠ ᠶᠢᠨ ᠪᠣᠯᠪᠠᠰᠤᠨ ᠪᠠ ᠬᠤᠪᠢ ᠬᠥᠮᠥᠨ ᠤ ᠪᠣᠯᠪᠠᠰᠤᠨ ᠤ ᠬᠢᠷᠢ ᠬᠡᠮᠵᠢᠶ᠎ᠡ ᠶᠢ | ᠢᠯᠡᠷᠡᠭᠦᠯᠬᠦ ᠴᠢᠬᠤᠯᠠ ᠲᠠᠯ᠎ᠠ ᠮᠥᠨ᠂ ᠪᠣᠯᠪᠠᠰᠤᠨ ᠢᠶᠠᠷ ᠨᠣᠬᠠᠢ ᠲᠡᠵᠢᠭᠡᠬᠦ ᠳᠤ ᠵᠠᠰᠠᠭ ᠤᠨ ᠣᠷᠳᠣᠨ᠂ ᠨᠣᠬᠠᠢ | ᠲᠡᠵᠢᠭᠡᠭᠴᠢ ᠪᠠ ᠣᠯᠠᠨ ᠨᠡᠶᠢᠲᠡ ᠶᠢᠨ ᠬᠠᠮᠲᠤ ᠶᠢᠨ ᠴᠢᠷᠮᠠᠶᠢᠯᠭ᠎ᠠ ᠬᠡᠷᠡᠭᠲᠡᠢ᠃ 2020 ᠣᠨ ᠤ 10 ᠰᠠᠷ᠎ᠠ ᠶᠢᠨ | 1 ᠤ ᠡᠳᠦᠷ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠥᠬᠡᠬᠤᠲᠠ ᠶᠢᠨ ᠨᠣᠬᠠᠢ ᠲᠡᠵᠢᠭᠡᠬᠦ | ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠪᠡᠯ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠭᠤᠣᠯᠳᠠᠭᠤ ᠭᠤᠷᠪᠠᠨ ᠵᠦᠢᠯ ᠤᠨ ᠠᠵᠢᠯ ᠤᠨ ᠠᠭᠤᠯᠭ᠎ᠠ ᠶᠢ ᠬᠠᠷᠢᠭᠤᠴᠠᠨ᠎ᠠ᠄ ᠨᠢᠭᠡ ᠳᠤ᠂ ᠬᠠᠷᠢᠶ᠎ᠠ ᠣᠷᠣᠨ ᠤ | ᠳᠣᠲᠣᠷᠠᠬᠢ ᠵᠡᠭᠡᠯᠢ ᠭᠤᠳᠤᠮᠵᠢ ᠪᠠᠷ ᠨᠡᠭᠦᠳᠡᠯᠯᠡᠨ ᠨᠣᠬᠠᠢ ᠬᠤᠳᠠᠯᠳᠤᠬᠤ᠂ ᠨᠣᠬᠠᠢ ᠲᠡᠵᠢᠭᠡᠬᠦ ᠠᠴᠠ ᠪᠣᠯᠵᠤ | ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠡᠪᠳᠡᠭᠰᠡᠨ ᠵᠡᠷᠭᠡ ᠦᠶᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ᠂ ᠨᠣᠬᠠᠢ ᠪᠠᠨ ᠲᠣᠭᠤᠷᠢᠭᠤᠯᠬᠤ ᠳᠤ ᠳᠡᠭᠡᠰᠦ ᠪᠠᠨ ᠤᠶᠠᠬᠤ ᠦᠭᠡᠢ᠂ | ᠨᠣᠬᠠᠢ ᠭᠠᠵᠠᠷ ᠪᠣᠯᠭᠠᠨ ᠳᠤ ᠪᠠᠭᠠᠵᠤ᠂ ᠡᠩᠬᠦᠷᠡᠢ ᠲᠡᠵᠢᠭᠡᠪᠦᠷᠢ ᠶᠢᠨ ᠪᠠᠭᠠᠰᠤ ᠰᠢᠭᠡᠰᠦ ᠶᠢ ᠴᠠᠭ ᠲᠤᠬᠠᠢ ᠳᠤᠨᠢ | ᠠᠷᠢᠯᠭᠠᠵᠤ ᠳᠡᠶᠢᠯᠦᠭᠰᠡᠨ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠭᠰᠡᠨ ᠵᠡᠷᠭᠡ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠭᠤᠷᠪᠠ ᠳᠤ᠂ ᠭᠤᠯᠣᠭᠳᠠᠭᠰᠠᠨ | ᠨᠣᠬᠠᠢ᠂ ᠭᠡᠭᠡᠭᠰᠡᠨ ᠨᠣᠬᠠᠢ᠂ ᠲᠡᠨᠦᠭᠦᠯ ᠨᠣᠬᠠᠢ ᠶᠢ ᠪᠠᠷᠢᠬᠤ ᠵᠢᠴᠢ ᠰᠢᠯᠵᠢᠭᠦᠯᠦᠨ ᠲᠤᠰᠢᠶᠠᠬᠤ ᠠᠵᠢᠯ ᠢ | ᠬᠠᠷᠢᠭᠤᠴᠠᠨ᠎ᠠ᠃ ᠣᠳᠣᠬᠠᠨ ᠳᠤ᠂ ᠪᠢᠳᠡ ᠨᠢᠭᠡᠨᠲᠡ ᠪᠣᠯᠪᠠᠰᠤᠨ ᠪᠤᠰᠤ ᠪᠠᠷ ᠨᠣᠬᠠᠢ ᠲᠡᠵᠢᠭᠡᠬᠦ ᠦᠶᠯᠡ | ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢᠨ | ᠠᠵᠢᠯ ᠳᠤ ᠠᠭᠤᠰᠬᠠᠨ ᠣᠷᠣᠭᠤᠯᠵᠤ᠂ ᠲᠣᠥᠷᠵᠢᠭᠤᠯᠤᠭᠰᠠᠨ ᠲᠣᠭᠤᠷᠢᠨ ᠪᠠᠶᠢᠴᠠᠭᠠᠯᠲᠠ ᠪᠠ ᠭᠤᠣᠯᠳᠠᠯᠭ᠎ᠠ ᠲᠠᠢ | ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠪᠠᠳᠠᠨ | ᠪᠠᠶᠢᠴᠠᠭᠠᠵᠤ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠨ ᠢᠶᠠᠷ ᠨᠣᠬᠠᠢ | ᠲᠡᠵᠢᠭᠡᠬᠦ ᠶᠢ ᠪᠠᠶᠢᠩᠭᠤᠵᠢᠭᠤᠯᠤᠭᠰᠠᠨ ᠴᠡᠭᠴᠡᠯᠡᠨ ᠵᠠᠰᠠᠯᠲᠠ ᠬᠢᠪᠡ᠃ ︽ᠰᠤᠷᠭᠠᠨ ᠬᠥᠮᠥᠵᠢᠭᠦᠯᠵᠦ ᠢᠳᠬᠠᠨ | ᠰᠤᠷᠭᠠᠬᠤ ᠪᠠᠷ ᠭᠤᠣᠯ ᠪᠣᠯᠭᠠᠵᠤ᠂ ᠰᠢᠢᠳᠬᠡᠯ ᠢᠶᠠᠷ ᠬᠠᠪᠰᠤᠷᠤᠮᠵᠢ ᠪᠣᠯᠭᠠᠬᠤ︾ ᠵᠠᠷᠴᠢᠮ ᠶᠣᠰᠣᠭᠠᠷ᠂ ᠡᠷᠲᠡ | ᠣᠷᠣᠢ ᠬᠤᠲᠠ ᠶᠢᠨ ᠠᠷᠠᠳ ᠤᠨ ᠨᠣᠬᠠᠢ ᠶᠢ ᠲᠣᠭᠤᠷᠢᠬᠤ ᠣᠷᠭᠢᠯ ᠤᠨ ᠦᠶ᠎ᠡ ᠳᠤ ᠬᠥᠳᠡᠯᠦᠩᠭᠦᠢ ᠲᠣᠭᠤᠷᠢᠨ | ᠪᠠᠶᠢᠴᠠᠭᠠᠬᠤ ᠤᠳᠠᠭ᠎ᠠ ᠶᠢ ᠨᠡᠮᠡᠭᠳᠡᠭᠦᠯᠦᠨ᠎ᠡ᠃ ᠴᠡᠴᠡᠷᠯᠢᠭ ︵ᠴᠡᠴᠡᠷᠯᠢᠭ ᠢᠶᠠᠷ ᠵᠤᠭᠠᠴᠠᠬᠤ︶᠂ ᠲᠠᠯᠠᠪᠠᠶ ᠪᠠ ᠵᠦᠯᠭᠡ | ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠢ ᠨᠡᠮᠡᠨ | ᠲᠣᠮᠢᠯᠠᠵᠤ ᠵᠢᠵᠢᠭᠦᠷᠯᠡᠭᠦᠯᠦᠨ ᠰᠠᠬᠢᠭᠤᠯᠵᠤ᠂ ᠪᠣᠯᠪᠠᠰᠤᠨ ᠪᠤᠰᠤ ᠪᠠᠷ ᠨᠣᠬᠠᠢ ᠲᠡᠵᠢᠭᠡᠬᠦ ᠦᠶᠯᠡ ᠠᠵᠢᠯᠯᠠᠭ᠎ᠠ ᠶᠢ | ᠣᠯᠵᠤ ᠮᠡᠳᠡᠪᠡᠯ ᠲᠡᠷᠡ ᠳᠠᠷᠤᠢ ᠳᠤᠨᠢ ᠢᠳᠬᠠᠨ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠨ | ᠪᠠᠶᠢᠴᠠᠭᠠᠭᠠᠳ ᠣᠯᠵᠤ ᠮᠡᠳᠡᠭᠰᠡᠨ᠂ ᠬᠤᠲᠠ ᠶᠢᠨ ᠠᠷᠠᠳ ᠤᠨ ᠢᠯᠡᠴᠢᠯᠡᠨ ᠮᠡᠳᠡᠭᠦᠯᠦᠭᠰᠡᠨ᠂ 12345 | ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠳᠤᠨᠢ ᠭᠦᠢᠴᠡᠳᠬᠡᠬᠦ ᠲᠠᠪᠴᠠᠩ ᠤᠨ ᠬᠤᠷᠢᠶᠠᠨ ᠣᠯᠣᠭᠰᠠᠨ | ᠲᠡᠨᠦᠭᠦᠯ ᠨᠣᠬᠠᠢ ᠶᠢᠨ ᠴᠤᠭᠯᠠᠷᠠᠯ ᠤᠨ ᠲᠤᠬᠠᠢ ᠰᠦᠪᠡᠭᠴᠢ ᠶᠢ ᠴᠠᠭ ᠲᠤᠬᠠᠢ ᠳᠤᠨᠢ ᠠᠮᠤᠷ ᠢ ᠬᠠᠮᠠᠭᠠᠯᠠᠬᠤ | ᠦᠢᠯᠡᠴᠢᠯᠡᠭᠡᠨ ᠤ ᠺᠣᠮᠫᠠᠨᠢ ᠲᠠᠢ ᠵᠣᠯᠭᠠᠭᠤᠯᠵᠤ᠂ ᠲᠡᠨᠦᠭᠦᠯ ᠨᠣᠬᠠᠢ ᠶᠢ ᠲᠥᠪᠯᠡᠷᠡᠭᠦᠯᠦᠨ ᠪᠠᠷᠢᠪᠴᠢᠯᠠᠬᠤ ᠶᠢᠨ ᠬᠠᠮᠲᠤ | ᠲᠠᠰ ᠳᠠᠷᠠᠭᠠᠯᠠᠯ ᠶᠣᠰᠣᠭᠠᠷ ᠨᠣᠬᠠᠢ ᠶᠢᠨ ᠲᠥᠷᠥᠯ ᠤᠨ ᠦᠯᠡᠳᠡᠭᠡᠨ ᠪᠠᠶᠢᠴᠠᠭᠠᠬᠤ ᠭᠠᠵᠠᠷ ᠲᠤ ᠰᠢᠯᠵᠢᠭᠦᠯᠦᠨ | ᠬᠦᠷᠭᠡᠪᠡ᠃ ᠡᠨᠡ ᠵᠢᠯ ᠨᠡᠶᠢᠳᠡ 4436 ᠤᠳᠠᠭ᠎ᠠ ᠱᠠᠯᠠᠪᠳᠠᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ | ᠥᠷᠨᠢᠭᠦᠯᠵᠦ᠂ ᠨᠡᠶᠢᠭᠡᠮ ᠤᠨ ᠤᠬᠠᠭᠤᠯᠭ᠎ᠠ ᠶᠢ 87 ᠤᠳᠠᠭ᠎ᠠ ᠥᠷᠨᠢᠭᠦᠯᠵᠦ᠂ 40 ᠣᠬᠤᠷ ᠸᠢᠳᠢᠤ᠋ ᠦᠢᠯᠡᠳᠬᠦᠨ ᠢ | ᠦᠢᠯᠡᠳᠴᠦ᠂ 2970 ᠤᠳᠠᠭ᠎ᠠ ᠬᠠᠤᠯᠢ ᠬᠡᠷᠡᠭᠵᠢᠭᠦᠯᠦᠨ ᠢᠳᠬᠠᠨ ᠬᠤᠷᠢᠭᠯᠠᠵᠤ᠂ 1731 ᠲᠡᠨᠦᠭᠦᠯ ᠨᠣᠬᠠᠢ ᠶᠢ | ᠪᠠᠷᠢᠪᠴᠢᠯᠠᠵᠤ᠂ ᠨᠢᠭᠡᠨᠲᠡ ᠨᠣᠬᠠᠢ ᠶᠢᠨ ᠲᠦᠷᠦᠯ ᠤᠨ ᠦᠯᠡᠳᠡᠭᠡᠨ ᠪᠠᠶᠢᠴᠠᠭᠠᠬᠤ ᠭᠠᠵᠠᠷ ᠲᠤ ᠰᠢᠯᠵᠢᠭᠦᠯᠦᠨ ᠬᠦᠷᠭᠡᠪᠡ᠃ | ᠠᠳᠡ ᠪᠢᠳᠡ ᠪᠠᠰᠠ ᠨᠣᠬᠠᠢ ᠲᠡᠵᠢᠭᠡᠬᠦ ᠬᠥᠮᠥᠰ ᠢ ᠪᠣᠯᠪᠠᠰᠤᠨ ᠢᠶᠠᠷ ᠨᠣᠬᠠᠢ ᠲᠡᠵᠢᠭᠡᠬᠦ ᠤᠬᠠᠮᠰᠠᠷ ᠪᠠ | ᠪᠣᠯᠪᠠᠰᠤᠨ ᠢᠶᠠᠷ ᠨᠣᠬᠠᠢ ᠲᠡᠵᠢᠭᠡᠬᠦ ᠠᠵᠢᠯᠯᠠᠭ᠎ᠠ ᠪᠠᠨ ᠳᠡᠭᠡᠭᠰᠢᠯᠡᠭᠦᠯᠵᠦ᠂ ︽ᠬᠥᠬᠡᠬᠤᠲᠠ ᠶᠢᠨ ᠨᠣᠬᠠᠢ ᠲᠡᠵᠢᠭᠡᠬᠦ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠨ᠂ | ᠱᠠᠭᠠᠷᠳᠠᠯᠭ᠎ᠠ ᠶᠣᠰᠣᠭᠠᠷ ᠪᠣᠯᠪᠠᠰᠤᠨ ᠢᠶᠠᠷ ᠨᠣᠬᠠᠢ ᠲᠡᠵᠢᠭᠡᠬᠦ ᠶᠢ ᠤᠷᠢᠶᠠᠯᠠᠵᠤ ᠪᠠᠶᠢᠨ᠎ᠠ᠃ ᠨᠣᠬᠠᠢ ᠪᠠᠨ ᠠᠪᠴᠤ | ᠶᠠᠪᠤᠬᠤ ᠳᠠᠭᠠᠨ ᠳᠡᠭᠡᠰᠦ ᠪᠠᠨ ᠰᠠᠶᠢᠲᠤᠷ ᠬᠥᠲᠥᠯᠵᠦ᠂ ᠤᠷᠤᠭᠤᠯ ᠢᠶᠠᠨ ᠰᠠᠶᠢᠬᠠᠨ ᠵᠡᠭᠦᠵᠦ᠂ ᠡᠩᠬᠦᠷᠡᠢ | ᠲᠡᠵᠢᠭᠡᠪᠦᠷᠢ ᠶᠢᠨ ᠪᠠᠭᠠᠰᠤ ᠶᠢ ᠴᠡᠪᠡᠷᠯᠡᠬᠦ ᠪᠠᠭᠠᠵᠢ ᠬᠡᠷᠡᠭᠰᠡᠯ ᠢᠶᠠᠨ ᠪᠡᠶ᠎ᠡ ᠳᠡᠭᠡᠨ ᠠᠪᠴᠤ ᠶᠠᠪᠤᠳᠠᠭ ᠪᠥᠭᠡᠳ | ᠪᠠᠭᠠᠰᠤ ᠪᠠᠨ ᠴᠠᠭ ᠲᠤᠬᠠᠢ ᠳᠤᠨᠢ ᠬᠤᠰᠤᠵᠤ ᠴᠡᠪᠡᠷᠯᠡᠬᠦ ᠬᠡᠷᠡᠭᠲᠡᠢ᠃ ᠨᠣᠬᠠᠢ ᠪᠠᠨ ᠳᠠᠭᠠᠭᠤᠯᠤᠨ ᠭᠠᠳᠠᠭᠰᠢ | ᠭᠠᠷᠬᠤ ᠳᠤ ᠨᠠᠰᠤᠨ ᠳᠤ ᠭᠦᠷᠦᠭᠰᠡᠳ ᠬᠥᠲᠥᠯᠵᠦ᠂ ᠨᠠᠰᠤᠲᠠᠶᠢᠴᠤᠳ᠂ ᠵᠡᠮᠳᠡᠭᠴᠦᠳ᠂ ᠵᠢᠷᠮᠦᠰᠦᠨ ᠡᠮᠡᠭᠲᠡᠢ ᠪᠠ | ᠬᠡᠦᠬᠡᠳ ᠵᠡᠷᠭᠡ ᠪᠠᠭᠤᠷᠠᠶᠢᠴᠤᠳ ᠲᠤ ᠨᠠᠶᠢᠷ ᠲᠠᠯᠪᠢᠬᠤ ᠬᠡᠷᠡᠭᠲᠡᠢ᠃ ᠭᠤᠣᠯᠳᠠᠯᠭ᠎ᠠ ᠲᠠᠢ ᠨᠣᠬᠠᠢ ᠲᠡᠵᠢᠭᠡᠬᠦ | ᠬᠠᠮᠢᠶᠠᠷᠤᠯᠲᠠ ᠶᠢᠨ ᠲᠣᠭᠤᠷᠢᠭ ᠲᠤ᠂ ᠭᠤᠣᠯ ᠵᠡᠭᠡᠯᠢ ᠭᠤᠳᠤᠮᠵᠢ ᠪᠠ ᠠᠵᠢᠯ ᠳᠤ ᠭᠠᠷᠬᠤ ᠪᠠ ᠠᠵᠢᠯ ᠠᠴᠠ | ᠪᠠᠭᠤᠬᠤ ᠬᠥᠮᠥᠰ ᠤᠨ ᠴᠤᠪᠤᠷᠠᠯ ᠤᠨ ᠣᠷᠭᠢᠯ ᠠᠴᠠ ᠵᠠᠶᠢᠯᠠᠨ᠎ᠠ᠃ ᠡᠭᠦᠨ ᠠᠴᠠ ᠭᠠᠳᠠᠨ᠎ᠠ᠂ ᠲᠡᠵᠢᠭᠡᠬᠦ ᠪᠠᠨ | ᠪᠣᠯᠢᠬᠤ᠂ ᠡᠮᠬᠢ ᠵᠠᠮᠪᠠᠷᠠᠭ᠎ᠠ ᠦᠭᠡᠢ ᠪᠠᠷ ᠦᠷᠡᠵᠢᠬᠦ ᠵᠢᠴᠢ ᠬᠡᠰᠦᠵᠦ ᠶᠠᠪᠤᠬᠤ ᠪᠣᠯ ᠪᠠᠰᠠ ᠴᠤ ᠲᠡᠨᠦᠭᠦᠯ ᠨᠣᠬᠠᠢ | ᠭᠠᠷᠤᠭᠰᠠᠨ ᠤ ᠭᠤᠣᠯ ᠰᠢᠯᠲᠠᠭᠠᠨ ᠮᠥᠨ᠃ ᠪᠠᠰᠠ ᠴᠤ ᠲᠡᠨᠦᠭᠦᠯ ᠨᠣᠬᠠᠢ ᠶᠢ ᠴᠡᠭᠴᠡᠯᠡᠨ ᠵᠠᠰᠠᠬᠤ ᠶᠢᠨ ᠬᠦᠴᠢᠷᠳᠡᠯ | ᠮᠥᠨ᠃ ᠠᠳᠡ ᠪᠢᠳᠡ ᠨᠣᠬᠠᠢ ᠲᠡᠵᠢᠭᠡᠬᠦ ᠠᠴᠠ ᠡᠮᠦᠨ᠎ᠡ ᠥᠪᠡᠷ ᠤᠨ ᠴᠠᠭ᠂ ᠪᠣᠳᠠᠰ ᠤᠨ ᠬᠦᠴᠦᠨ᠂ ᠡᠷᠬᠢᠨ | ᠲᠣᠭᠤᠷᠢᠨ ᠤ ᠣᠷᠴᠢᠨ ᠲᠣᠭᠤᠷᠢᠨ ᠵᠡᠷᠭᠡ ᠬᠦᠴᠦᠨ ᠵᠦᠢᠯ ᠢᠶᠠᠨ ᠭᠦᠢᠴᠡᠳ ᠪᠣᠳᠣᠯᠬᠢᠯᠠᠬᠤ ᠶᠢᠨ ᠬᠠᠮᠲᠤ᠂ ᠨᠣᠬᠠᠢ | ᠲᠡᠵᠢᠭᠡᠬᠦ ᠬᠠᠤᠯᠢ ᠲᠣᠭᠲᠠᠭᠠᠯ ᠳᠤ ᠭᠦᠢᠴᠡᠳ ᠣᠶᠢᠯᠠᠭᠠᠯᠲᠠ ᠲᠠᠢ ᠪᠠᠶᠢᠵᠤ᠂ ︽ᠰᠣᠩᠭᠤᠯᠲᠠ ᠬᠢᠭᠰᠡᠭᠡᠷ ᠨᠠᠰᠤᠨ | ᠲᠤᠷᠰᠢᠲᠠ ᠬᠠᠷᠢᠭᠤᠴᠠᠬᠤ︾ ᠨᠣᠬᠠᠢ ᠲᠡᠵᠢᠭᠡᠬᠦ ᠦᠵᠡᠯᠲᠡ ᠶᠢ ᠪᠣᠶ ᠪᠣᠯᠭᠠᠵᠤ᠂ ᠨᠣᠬᠠᠢ ᠶᠢ ᠳᠤᠷ᠎ᠠ ᠪᠠᠷ ᠢᠶᠠᠨ | ᠬᠠᠶᠠᠵᠤ ᠪᠣᠯᠬᠤ ᠦᠭᠡᠢ ᠭᠡᠵᠦ ᠰᠠᠨᠠᠭᠤᠯᠵᠤ ᠪᠠᠶᠢᠨ᠎ᠠ᠃ | ᠬᠥᠲᠥᠯᠥᠭᠴᠢ᠄ | ᠲᠣᠭᠤᠰᠣ ᠳᠡᠭᠳᠡᠬᠦ ᠶᠢ ᠵᠠᠰᠠᠬᠤ ᠪᠣᠯ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠨᠢᠭᠡᠨ ᠴᠢᠬᠤᠯᠠ | ᠠᠵᠢᠯ ᠮᠥᠨ᠂ ᠠᠭᠠᠷ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠴᠢᠬᠤᠯᠠ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ᠂ ᠲᠣᠭᠤᠰᠣ ᠳᠡᠭᠳᠡᠬᠦ ᠶᠢ ᠵᠠᠰᠠᠬᠤ ᠠᠵᠢᠯ ᠢ ᠥᠷᠨᠢᠭᠦᠯᠬᠦ ᠶᠠᠪᠤᠴᠠ ᠳᠤ ᠮᠠᠨ ᠤ | ᠬᠤᠲᠠ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ | ᠠᠩᠭᠢ ᠶᠢᠨ ᠳᠡᠳ᠋ ᠳᠠᠷᠤᠭ᠎ᠠ ᠯᠢᠦ ᠬᠤᠩ ᠵᠢᠶᠦ᠋ᠨ ᠄ | ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠭᠤᠣᠯᠳᠠᠭᠤ ᠪᠠᠷᠢᠯᠭ᠎ᠠ ᠶᠢᠨ ᠬᠡᠪᠴᠢᠶ᠎ᠡ ᠨᠢ | ᠲᠠᠪᠤᠨ ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠵᠢᠴᠢ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠳᠡᠭᠳᠡᠮᠡᠯ ᠲᠣᠭᠤᠰᠣᠨ ᠤ ᠪᠣᠬᠢᠷᠲᠤᠯ ᠤᠨ ᠬᠢᠨᠠᠯᠲᠠ ᠮᠠᠨ ᠤ | ᠬᠤᠲᠠ ᠶᠢᠨ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠲᠣᠭᠤᠰᠣ ᠰᠢᠷᠣᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠴᠢᠭᠯᠡᠭᠦᠯᠦᠨ᠂ ᠪᠢᠳᠡ ︽ᠰᠡᠷᠭᠡᠶᠢᠯᠡᠨ ᠵᠠᠰᠠᠬᠤ ᠪᠠᠷ ᠭᠤᠣᠯ ᠪᠣᠯᠭᠠᠬᠤ | ᠂ ᠲᠦᠷᠭᠡᠨ ᠳᠠᠭᠠᠬᠤ᠂ ᠬᠠᠮᠵᠢᠯᠴᠠᠨ ᠪᠠᠶᠢᠯᠳᠤᠬᠤ᠂ ᠲᠣᠥᠷᠵᠢᠭᠤᠯᠤᠨ ᠬᠠᠮᠢᠶᠠᠷᠬᠤ︾ ᠵᠠᠷᠴᠢᠮ ᠶᠣᠰᠣᠭᠠᠷ᠂ | ᠪᠠᠷᠢᠯᠭ᠎ᠠ ᠶᠢᠨ ᠭᠠᠵᠠᠷ ᠤᠨ ᠬᠢᠨᠠᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠪᠥᠬᠦ ᠬᠦᠴᠦᠨ ᠢᠶᠠᠷ ᠢᠶᠠᠨ | ᠴᠢᠩᠭᠠᠷᠠᠭᠤᠯᠪᠠ᠃ ᠨᠢᠭᠡ ᠳᠤ᠂ ᠠᠵᠤ ᠠᠬᠤᠶᠢᠯᠠᠯ ᠢ ᠠᠵᠢᠯ ᠡᠬᠢᠯᠡᠭᠦᠯᠬᠦ ᠠᠴᠠ ᠡᠮᠦᠨ᠎ᠡ ᠡᠷᠬᠡᠪᠰᠢ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠪᠠ ᠠᠭᠠᠷ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠭᠠᠵᠢ ᠵᠡᠷᠭᠡ | ᠲᠣᠨᠣᠭᠯᠠᠯ ᠢ ᠤᠭᠰᠠᠷᠠᠬᠤ ᠶᠢᠨ ᠬᠠᠮᠲᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠠᠪᠴᠠᠩ ᠲᠠᠢ ᠰᠦᠯᠵᠢᠶᠡᠨ ᠳᠤ | ᠬᠤᠯᠪᠣᠬᠤ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ ᠬᠤᠲᠠ ᠶᠢᠨ ᠬᠠᠮᠢᠶᠠᠷᠤᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠬᠦ ᠠᠴᠠ ᠡᠮᠦᠨ᠎ᠡ ᠨᠢᠭᠡᠨᠲᠡ ᠪᠦᠬᠦᠨ ᠢᠶᠠᠷ ᠢᠶᠠᠨ ᠲᠣᠭᠤᠰᠣ ᠰᠢᠷᠣᠢ | ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠭᠰᠠᠨ ᠪᠥᠭᠡᠳ ᠬᠢᠨᠠᠨ ᠬᠠᠮᠢᠶᠠᠷᠬᠤ | ᠲᠠᠪᠴᠠᠩ ᠲᠠᠢ ᠰᠦᠯᠵᠢᠶᠡᠨ ᠳᠤ ᠬᠤᠯᠪᠣᠵᠠᠢ᠃ ᠬᠢᠨᠠᠨ ᠬᠠᠮᠢᠶᠠᠷᠬᠤ ᠠᠵᠢᠯᠲᠠᠳ ᠰᠦᠯᠵᠢᠶᠡᠨ ᠳᠡᠭᠡᠷᠡᠬᠢ ᠬᠢᠨᠠᠨ | ᠬᠡᠮᠵᠢᠬᠦ ᠲᠠᠪᠴᠠᠩ ᠤᠨ ᠭᠠᠷ ᠤᠲᠠᠰᠤᠨ ᠤ APP ᠵᠥᠭᠡᠯᠡᠨ ᠬᠡᠷᠡᠭᠰᠡᠯ ᠢᠶᠠᠷ ᠬᠢᠨᠠᠨ ᠬᠠᠮᠢᠶᠠᠷᠴᠤ ᠪᠠᠶᠢᠭ᠎ᠠ | ᠪᠦᠲᠦᠭᠡᠨ ᠪᠠᠶᠢᠭᠤᠯᠤᠯᠲᠠ ᠶᠢᠨ ᠫᠷᠥᠭᠷᠡᠮ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠲᠣᠭᠤᠰᠣ ᠳᠡᠭᠳᠡᠬᠦ ᠲᠤᠭ᠎ᠠ | ᠪᠠᠷᠢᠮᠲᠠ ᠶᠢᠨ ᠭᠦᠢᠴᠡᠳᠬᠡᠯ ᠲᠤᠭ᠎ᠠ ᠪᠠᠷ ᠳᠠᠮᠵᠢᠭᠤᠯᠤᠨ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠪᠣᠬᠢᠷᠲᠤᠯ | PM10᠂ PM2.5᠂ ᠱᠤᠤᠭᠢᠶᠠᠨ ᠵᠡᠷᠭᠡ ᠪᠠᠶᠢᠳᠠᠯ ᠳᠤ ᠵᠠᠳᠠᠯᠤᠯᠲᠠ ᠬᠢᠵᠦ᠂ ᠰᠡᠭᠦᠳᠡᠷᠯᠡᠬᠦ ᠮᠠᠰᠢᠨ ᠢ | ᠠᠰᠢᠭᠯᠠᠨ ᠪᠠᠷᠢᠯᠭ᠎ᠠ ᠶᠢᠨ ᠭᠠᠵᠠᠷ ᠤᠨ ᠣᠷᠣᠵᠤ ᠭᠠᠷᠬᠤ ᠲᠡᠷᠭᠡ ᠬᠥᠰᠬᠡ ᠵᠢᠴᠢ ᠪᠠᠷᠢᠯᠭ᠎ᠠ ᠶᠢᠨ ᠲᠤᠬᠠᠢ ᠶᠢᠨ | ᠭᠠᠵᠠᠷ ᠲᠤ ᠠᠯᠤᠰ ᠠᠴᠠ ᠬᠢᠨᠠᠨ ᠡᠵᠡᠮᠳᠡᠵᠦ᠂ ᠲᠣᠭᠤᠰᠣ ᠳᠡᠭᠳᠡᠬᠦ ᠪᠠᠷᠢᠮᠵᠢᠶ᠎ᠠ ᠠᠴᠠ ᠬᠡᠲᠦᠷᠡᠭᠰᠡᠨ ᠪᠠᠶᠢᠳᠠᠯ ᠢ | ᠣᠯᠵᠤ ᠮᠡᠳᠡᠪᠡᠯ᠂ ᠲᠡᠷᠡ ᠳᠠᠷᠤᠢ ᠳᠤᠨᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ ᠳᠤ | ᠮᠡᠳᠡᠭᠳᠡᠵᠦ᠂ ᠴᠠᠭ ᠲᠤᠬᠠᠢ ᠳᠤᠨᠢ ᠵᠣᠬᠢᠬᠤ ᠲᠣᠭᠤᠰᠣ ᠪᠠᠭᠤᠷᠠᠭᠤᠯᠬᠤ ᠠᠷᠭ᠎ᠠ ᠬᠡᠮᠵᠢᠶ᠎ᠡ ᠪᠠ ᠪᠠᠷᠢᠯᠭ᠎ᠠ ᠶᠢᠨ ᠠᠷᠭ᠎ᠠ | ᠪᠠᠷᠢᠯ ᠢ ᠠᠪᠴᠤ᠂ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠪᠣᠬᠢᠷᠲᠤᠯ ᠢ ᠪᠠᠭᠠᠰᠬᠠᠬᠤ ᠬᠡᠷᠡᠭᠲᠡᠢ᠃ | ᠬᠤᠶᠠᠷ ᠲᠤ᠂ ᠪᠠᠷᠢᠯᠭ᠎ᠠ ᠶᠢᠨ ᠭᠠᠵᠠᠷ ᠤᠨ︽ᠵᠢᠷᠭᠤᠭᠠᠨ ᠵᠠᠭᠤᠨ ᠤ ᠵᠠᠭᠤ︾ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠪᠠᠶᠢᠴᠠᠭᠠᠬᠤ︾︽ᠭᠤᠷᠪᠠ ᠶᠢ | ᠦᠵᠡᠬᠦ︾︽ᠭᠤᠷᠪᠠ ᠶᠢ ᠨᠠᠶᠢᠳᠠᠪᠤᠷᠢᠵᠢᠭᠤᠯᠬᠤ︾ᠠᠵᠢᠯ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ︽ᠭᠤᠷᠪᠠ ᠶᠢ ᠪᠠᠶᠢᠴᠠᠭᠠᠬᠤ︾᠄ ᠨᠢᠭᠡ ᠳᠤ ᠪᠦᠲᠦᠭᠡᠨ ᠪᠠᠶᠢᠭᠤᠯᠤᠯᠲᠠ ᠶᠢᠨ | ᠫᠷᠥᠭᠷᠡᠮ ᠤᠨ ᠪᠠᠷᠢᠯᠭ᠎ᠠ ᠶᠢᠨ ᠭᠠᠷᠳᠠᠮ ︵ᠰᠥᠨᠢ ᠶᠢᠨ ᠬᠡᠷᠡᠭᠯᠡᠭᠡ ᠶᠢ ᠪᠠᠭᠲᠠᠭᠠᠨ᠎ᠠ︶ ᠨᠢ ᠪᠦᠷᠢᠨ ᠭᠦᠢᠴᠡᠳ ᠪᠠᠶᠢᠬᠤ | ᠡᠰᠡᠬᠦ᠂ ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠬᠢᠨᠠᠨ ᠵᠥᠪᠰᠢᠶᠡᠷᠡᠵᠦ ᠪᠦᠲᠦᠭᠡᠨ ᠪᠠᠶᠢᠭᠤᠯᠤᠭᠰᠠᠨ ᠡᠰᠡᠬᠦ ᠶᠢ | ᠪᠠᠶᠢᠴᠠᠭᠠᠨ᠎ᠠ᠃ ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠰᠣ ᠰᠢᠷᠣᠢ ᠶᠢᠨ | ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠢ ᠪᠠᠶᠢᠭᠤᠯᠤᠨ ᠪᠦᠷᠢᠨᠰᠢᠬᠦᠯᠦᠭᠰᠡᠨ ᠡᠰᠡᠬᠦ ᠶᠢ | ᠪᠠᠶᠢᠴᠠᠭᠠᠨ᠎ᠠ᠃ ᠭᠤᠷᠪᠠ᠂ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠡᠬᠡ ᠲᠠᠩᠰᠠ ᠶᠢ | ᠪᠠᠶᠢᠴᠠᠭᠠᠵᠤ᠂ ᠴᠠᠭ ᠲᠤᠬᠠᠢ ᠳᠤᠨᠢ ᠰᠢᠨᠡᠳᠬᠡᠭᠰᠡᠨ ᠡᠰᠡᠬᠦ ᠶᠢ ᠲᠡᠮᠳᠡᠭᠯᠡᠨ᠎ᠡ᠃ ︽ᠭᠤᠷᠪᠠ ᠶᠢ ᠦᠵᠡᠬᠦ︾᠄ | ᠨᠢᠭᠡ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠭ ᠲᠣᠭᠤᠰᠣ ᠶᠢ ᠵᠠᠰᠠᠬᠤ ︽ᠵᠢᠷᠭᠤᠭᠠᠨ | ᠵᠠᠭᠤᠨ ᠤ ᠵᠠᠭᠤ︾ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠨ᠎ᠡ᠃ ᠬᠤᠶᠠᠷ ᠲᠤ᠂ ᠲᠣᠭᠤᠰᠣ | ᠳᠡᠭᠳᠡᠬᠦ ᠶᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠶᠢᠨ ᠬᠡᠪ ᠤᠨ ᠪᠠᠶᠢᠳᠠᠯ ᠢᠶᠠᠷ ᠠᠵᠢᠯᠯᠠᠵᠤ ᠪᠠᠶᠢᠬᠤ ᠡᠰᠡᠬᠦ ᠶᠢ | ᠦᠵᠡᠨ᠎ᠡ᠃ ᠭᠤᠷᠪᠠ ᠳᠤ᠂ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠪᠣᠳᠠᠲᠠᠶᠢᠵᠢᠭᠰᠠᠨ ᠡᠰᠡᠬᠦ ᠶᠢ ︽ᠭᠤᠷᠪᠠ ᠶᠢ | ᠨᠠᠶᠢᠳᠠᠪᠤᠷᠢᠵᠢᠭᠤᠯᠬᠤ︾᠄ ᠨᠢᠭᠡ ᠳᠤ᠂ ᠲᠤᠬᠠᠢ ᠶᠢᠨ ᠲᠠᠯᠠᠪᠤᠷ ᠲᠤ ᠰᠠᠭᠤᠬᠤ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠬᠤᠶᠠᠷ ᠲᠤ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠶᠢ ᠨᠠᠶᠢᠳᠠᠪᠤᠷᠢᠵᠢᠭᠤᠯᠤᠨ᠎ᠠ᠃ | ᠭᠤᠷᠪᠠ ᠳᠤ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠨ᠎ᠠ᠃ ︽ᠭᠤᠷᠪᠠ ᠶᠢ ᠪᠠᠶᠢᠴᠠᠭᠠᠬᠤ︾ ︽ | ᠭᠤᠷᠪᠠ ᠶᠢ ᠦᠵᠡᠬᠦ︾ ︽ᠭᠤᠷᠪᠠ ᠶᠢ ᠨᠠᠶᠢᠳᠠᠪᠤᠷᠢᠵᠢᠭᠤᠯᠬᠤ︾ ᠲᠣᠭᠤᠷᠢᠨ ᠪᠠᠶᠢᠴᠠᠭᠠᠬᠤ ᠲᠣᠭᠲᠠᠴᠠ ᠪᠠᠷ | ᠳᠠᠮᠵᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠤᠨ ᠬᠤᠭ ᠲᠣᠭᠤᠰᠣᠨ ᠤ ᠪᠣᠬᠢᠷᠲᠤᠯ ᠢ ᠪᠥᠬᠦ ᠴᠠᠭ ᠢᠶᠠᠷ᠂ ᠪᠥᠬᠦ | ᠡᠳᠦᠷ ᠢᠶᠠᠷ ᠬᠢᠨᠠᠨ ᠬᠠᠮᠢᠶᠠᠷᠴᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠶᠢ ᠪᠥᠬᠦ ᠲᠠᠯ᠎ᠠ ᠪᠠᠷ | ᠬᠡᠷᠡᠭᠵᠢᠭᠦᠯᠦᠨ᠂ ᠮᠠᠨ ᠤ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠳᠤ | ᠪᠠᠲᠤᠯᠠᠭ᠎ᠠ ᠬᠠᠩᠭᠠᠨ᠎ᠠ᠃ | ᠬᠥᠲᠥᠯᠥᠭᠴᠢ ᠄ | ᠬᠠᠮᠲᠤ ᠪᠠᠷ ᠡᠳ᠋ᠯᠡᠬᠦ ᠳᠤᠭᠤᠢ ᠲᠡᠷᠭᠡ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢ ᠰᠢᠢᠳᠪᠦᠷᠢᠯᠡᠬᠦ ︽ | ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ︾ ᠤᠨ ᠵᠠᠮ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ᠂ | ᠡᠳᠦᠷ ᠲᠤᠲᠤᠮ ᠤᠨ ᠠᠮᠢᠳᠤᠷᠠᠯ ᠤᠨ ᠳᠤᠮᠳᠠ ᠮᠠᠰᠢ ᠣᠯᠠᠨ ᠬᠤᠲᠠ ᠶᠢᠨ ᠠᠷᠠᠳ ᠤᠨ ᠪᠠᠷᠢᠮᠵᠢᠶ᠎ᠠ ᠪᠣᠯᠤᠭᠰᠠᠨ | ᠪᠠᠶᠢᠨ᠎ᠠ᠂ ᠭᠡᠪᠡᠴᠦ ᠡᠭᠦᠨ ᠤ ᠳᠠᠭᠠᠤ ᠳᠤ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠠᠮ | ᠬᠠᠷᠢᠯᠴᠠᠭ᠎ᠠ ᠶᠢ ᠨᠥᠯᠥᠭᠡᠯᠡᠬᠦ ᠦᠵᠡᠭᠳᠡᠯ ᠨᠢ ᠴᠦ ᠮᠠᠨ ᠤ ᠬᠤᠲᠠ ᠶᠢᠨ ᠬᠠᠮᠢᠶᠠᠷᠤᠯᠲᠠ ᠶᠢᠨ ᠪᠡᠷᠬᠡ ᠠᠰᠠᠭᠤᠳᠠᠯ | ᠪᠣᠯᠤᠭᠰᠠᠨ ᠪᠠᠶᠢᠨ᠎ᠠ᠂ ᠲᠡᠭᠡᠪᠡᠯ ᠡᠶᠢᠮᠦᠷᠬᠦ ᠦᠵᠡᠭᠳᠡᠯ ᠳᠤ ᠴᠢᠭᠯᠡᠭᠦᠯᠦᠨ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠣᠶ︖ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ | ᠠᠩᠭᠢ ᠶᠢᠨ ᠳᠠᠷᠤᠭ᠎ᠠ ᠶᠦᠨ ᠰᠢᠶᠣᠣ ᠳ᠋ᠦᠩ ᠄ | ᠬᠥᠬᠡᠬᠤᠲᠠ ᠶᠢᠨ ᠬᠠᠮᠲᠤ ᠪᠠᠷ ᠡᠳ᠋ᠯᠡᠬᠦ ᠳᠤᠭᠤᠢ ᠲᠡᠷᠭᠡᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠳᠤ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠬᠥᠭᠵᠢᠯᠲᠡ ᠶᠢᠨ ᠬᠡᠪᠴᠢᠶ᠎ᠡ ᠳᠤ | ᠶᠡᠷᠦᠩᠬᠡᠢ ᠬᠡᠮᠵᠢᠶ᠎ᠡ ᠶᠢᠨ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠦᠨ᠂ ᠬᠤᠲᠠ ᠶᠢᠨ ᠠᠷᠠᠳ ᠤᠨ ᠣᠶᠢᠷ᠎ᠠ ᠵᠠᠢ ᠶᠢᠨ | ᠠᠶᠠᠯᠠᠯ ᠤᠨ ᠬᠡᠷᠡᠭᠴᠡᠭᠡ ᠱᠠᠭᠠᠷᠳᠠᠯᠭ᠎ᠠ᠂ ᠬᠤᠲᠠ ᠶᠢᠨ ᠣᠷᠣᠨ ᠵᠠᠢ ᠶᠢᠨ ᠳᠠᠭᠠᠭᠠᠬᠤ ᠴᠢᠳᠠᠪᠤᠷᠢ᠂ ᠵᠠᠮ ᠤᠨ ᠡᠬᠢ | ᠪᠠᠶᠠᠯᠢᠭ ᠬᠢᠭᠡᠳ ᠵᠣᠭᠰᠤᠭᠠᠬᠤ ᠪᠡᠯᠡᠳᠬᠡᠮᠵᠢ ᠶᠢᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠵᠣᠬᠢᠴᠠᠯᠳᠤᠭᠤᠯᠤᠨ᠎ᠠ᠃ | ᠣᠳᠣᠬᠠᠨ ᠳᠤ᠂ ᠮᠠᠨ ᠤ ᠬᠤᠲᠠ ᠶᠢᠨ ᠬᠤᠲᠠ ᠶᠢᠨ ᠲᠣᠭᠤᠷᠢᠭ ᠲᠤ ᠨᠢᠭᠡᠨᠲᠡ 5 ᠬᠠᠮᠲᠤ ᠪᠠᠷ ᠡᠳ᠋ᠯᠡᠬᠦ ᠳᠤᠭᠤᠢ | ᠲᠡᠷᠭᠡᠨ ᠤ ᠠᠵᠤ ᠠᠬᠤᠶᠢᠯᠠᠯ ᠢ ᠳᠠᠩᠰᠠᠯᠠᠭᠤᠯᠬᠤ ᠶᠢ ᠵᠥᠪᠰᠢᠶᠡᠷᠡᠵᠦ᠂ 13.5 ᠲᠦᠮᠡᠨ ᠬᠠᠮᠲᠤ ᠪᠠᠷ ᠡᠳ᠋ᠯᠡᠬᠦ | ᠳᠤᠭᠤᠢ ᠲᠡᠷᠭᠡᠨ ᠤ ᠠᠵᠤ ᠠᠬᠤᠶᠢᠯᠠᠯ ᠳᠤ ᠣᠷᠣᠭᠤᠯᠬᠤ ᠶᠢ ᠵᠥᠪᠰᠢᠶᠡᠷᠡᠪᠡ᠃ ᠬᠠᠷᠢᠶ᠎ᠠ ᠭᠠᠵᠠᠷ ᠨᠢ ᠬᠠᠮᠢᠶᠠᠷᠬᠤ | ᠵᠠᠷᠴᠢᠮ ᠶᠣᠰᠣᠭᠠᠷ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠬᠢᠭᠡᠳ | ᠡᠯ᠎ᠡ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠲᠤ ᠳᠠᠭᠠᠨ | ᠭᠥᠷᠳᠡᠬᠦ ᠳᠤᠭᠤᠢ ᠲᠡᠷᠭᠡ ᠵᠣᠭᠰᠤᠭᠠᠬᠤ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠬᠢᠭᠡᠳ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠠᠵᠢᠯ ᠢ ᠬᠠᠷᠢᠭᠤᠴᠠᠨ᠎ᠠ᠃ ᠬᠠᠮᠲᠤ ᠪᠠᠷ ᠡᠳ᠋ᠯᠡᠬᠦ ᠳᠤᠭᠤᠢ ᠲᠡᠷᠭᠡᠨ ᠤ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠳᠤ᠂ ᠭᠤᠣᠯᠳᠠᠭᠤ ᠳᠣᠣᠷᠠᠬᠢ ᠮᠡᠲᠦ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠠᠪᠤᠭᠰᠠᠨ ᠪᠠᠶᠢᠨ᠎ᠠ᠃ ᠨᠢᠭᠡ ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠵᠣᠭᠰᠤᠭᠠᠬᠤ ᠡᠮᠬᠢ ᠵᠢᠷᠤᠮ ᠢ ᠵᠢᠷᠤᠮᠵᠢᠭᠤᠯᠤᠨ᠎ᠠ᠃ | ᠲᠡᠷᠭᠡ ᠬᠥᠰᠬᠡ ᠦᠷᠦᠵᠦ ᠲᠠᠯᠪᠢᠬᠤ ᠬᠥᠮᠥᠰ ᠤᠨ ᠲᠠᠷᠬᠠᠯᠲᠠ ᠪᠠ ᠰᠢᠯᠵᠢᠭᠦᠯᠦᠨ ᠲᠡᠭᠡᠭᠡᠪᠦᠷᠢᠯᠡᠬᠦ ᠤᠳᠠᠭ᠎ᠠ | ᠤᠳᠠᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ 150 ᠲᠡᠷᠭᠡ ᠪᠦᠷᠢ ᠳᠤ 1 ᠬᠥᠮᠥᠨ ᠦᠷᠦᠵᠦ ᠲᠠᠯᠪᠢᠬᠤ | ᠬᠥᠮᠥᠰ ᠤᠨ ᠪᠠᠷᠢᠮᠵᠢᠶ᠎ᠠ ᠶᠣᠰᠣᠭᠠᠷ᠂ ᠵᠠᠮ ᠳᠡᠭᠡᠷᠡᠬᠢ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢ ᠴᠠᠭ | ᠲᠤᠬᠠᠢ ᠳᠤᠨᠢ ᠪᠦᠲᠦᠮᠵᠢᠲᠡᠶ ᠦᠷᠦᠵᠦ ᠲᠠᠯᠪᠢᠬᠤ ᠬᠡᠷᠡᠭᠲᠡᠢ᠃ ᠣᠷᠭᠢᠯ ᠤᠨ ᠦᠶ᠎ᠡ ᠳᠤ ᠠᠮᠠᠷᠬᠠᠨ ᠲᠦᠯᠬᠢᠯᠲᠡ | ᠲᠠᠲᠠᠷᠠᠯᠲᠠ ᠶᠢᠨ ᠮᠠᠶ᠋ᠢᠭ ᠤᠨ ᠬᠤᠷᠠᠵᠤ ᠬᠤᠷᠠᠬᠤ ᠦᠵᠡᠭᠳᠡᠯ ᠭᠠᠷᠳᠠᠭ ᠣᠷᠣᠨ ᠪᠦᠰᠡ ᠶᠢ ᠠᠩᠬᠠᠷᠤᠨ | ᠰᠡᠷᠭᠡᠶᠢᠯᠡᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠵᠢᠯᠯᠠᠭᠤᠯᠵᠤ ᠪᠠᠲᠤᠯᠠᠬᠤ ᠠᠵᠢᠯᠲᠠᠨ ᠢ ᠴᠡᠭ | ᠲᠣᠭᠲᠠᠭᠠᠨ ᠠᠵᠢᠯ ᠤᠨ ᠪᠠᠶᠢᠷᠢ ᠲᠣᠭᠲᠠᠭᠠᠨ ᠬᠠᠮᠢᠶᠠᠷᠬᠤ ᠶᠢ ᠱᠠᠭᠠᠷᠳᠠᠬᠤ ᠬᠡᠷᠡᠭᠲᠡᠢ᠃ ᠬᠤᠶᠠᠷ ᠲᠤ ᠲᠡᠷᠭᠡ | ᠵᠣᠭᠰᠤᠭᠠᠬᠤ ᠳᠤ ᠲᠥᠬᠦᠮ᠂ ᠬᠤᠷᠠᠭᠰᠠᠨ ᠢ ᠠᠷᠢᠯᠭᠠᠨ ᠲᠣᠬᠢᠷᠠᠭᠤᠯᠬᠤ ᠳᠤ ᠲᠥᠬᠦᠮ᠂ ᠣᠯᠠᠨ ᠲᠦᠮᠡᠨ ᠤ | ᠬᠡᠷᠡᠭᠯᠡᠬᠦ ᠳᠤ ᠲᠥᠬᠦᠮ ᠪᠠᠶᠢᠬᠤ ᠵᠠᠷᠴᠢᠮ ᠶᠣᠰᠣᠭᠠᠷ᠂ ᠬᠠᠮᠲᠤ ᠪᠠᠷ ᠡᠳ᠋ᠯᠡᠬᠦ ᠳᠤᠭᠤᠢ ᠲᠡᠷᠭᠡᠨ ᠤ ᠲᠡᠷᠭᠡ ᠵᠣᠭᠰᠣᠬᠤ | ᠴᠡᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠪᠠ᠃ ᠵᠠᠮ ᠤᠨ ᠰᠢᠳᠦ ᠨᠢ ᠥᠨᠳᠥᠷ᠂ | ᠵᠣᠭᠰᠤᠭᠠᠬᠤ ᠳᠤ ᠬᠦᠴᠢᠷᠲᠡᠢ ᠴᠡᠭ ᠪᠠ ᠬᠥᠷᠰᠢ ᠵᠡᠷᠭᠡᠯᠡᠳᠡᠭᠡ ᠬᠡᠲᠦ ᠣᠶᠢᠷᠠᠯᠴᠠᠭ᠎ᠠ ᠪᠠᠶᠢᠭ᠎ᠠ ᠲᠡᠷᠭᠡ ᠵᠣᠭᠰᠣᠬᠤ | ᠴᠡᠭ ᠢ ᠬᠦᠴᠦᠨ ᠦᠭᠡᠢ ᠪᠣᠯᠭᠠᠵᠤ᠂ ᠭᠠᠵᠠᠷ ᠳᠣᠣᠷᠠᠬᠢ ᠲᠡᠮᠦᠷ ᠵᠠᠮ᠂ ᠨᠡᠶᠢᠲᠡ ᠶᠢᠨ ᠮᠠᠰᠢᠨ ᠲᠡᠷᠭᠡᠨ ᠤ | ᠥᠷᠲᠡᠭᠡ ᠶᠢᠨ ᠡᠷᠬᠢᠨ ᠲᠣᠭᠤᠷᠢᠨ ᠵᠡᠷᠭᠡ ᠶᠢᠨ ᠬᠡᠷᠡᠭᠯᠡᠭᠡᠨ ᠤ ᠬᠡᠷᠡᠭᠴᠡᠭᠡ ᠪᠠᠷ ᠥᠨᠳᠥᠷ ᠪᠠᠶᠢᠭ᠎ᠠ ᠲᠡᠷᠭᠡ ᠵᠣᠭᠰᠣᠬᠤ | ᠴᠡᠭ ᠤᠨ ᠪᠠᠶᠢᠷᠢ ᠶᠢ ᠨᠡᠮᠡᠭᠳᠡᠭᠦᠯᠦᠨ᠎ᠡ᠃ ᠭᠤᠷᠪᠠ ᠳᠤ ᠬᠠᠮᠲᠤᠷᠠᠨ ᠬᠢᠨᠠᠨ ᠰᠢᠯᠭᠠᠵᠤ ᠰᠢᠯᠭᠠᠨ ᠦᠨᠡᠯᠡᠬᠦ ᠠᠵᠢᠯ ᠢ | ᠬᠡᠷᠡᠭᠵᠢᠭᠦᠯᠦᠨ᠎ᠡ᠃ ᠬᠠᠮᠲᠤ ᠪᠠᠷ ᠡᠳ᠋ᠯᠡᠬᠦ ᠳᠤᠭᠤᠢ ᠲᠡᠷᠭᠡᠨ ᠤ ᠠᠵᠤ ᠠᠬᠤᠶᠢᠯᠠᠯ ᠳᠤ ᠤᠯᠠᠷᠢᠯ ᠪᠦᠷᠢ ᠳᠤ ᠬᠢᠨᠠᠨ | ᠰᠢᠯᠭᠠᠵᠤ ᠬᠤᠪᠢ ᠣᠯᠭᠤᠬᠤ ᠬᠡᠷᠡᠭᠲᠡᠢ᠃ ᠰᠢᠯᠭᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠠᠵᠤ | ᠠᠬᠤᠶᠢᠯᠠᠯ ᠲᠠᠢ ᠴᠠᠭ ᠲᠤᠬᠠᠢ ᠳᠤᠨᠢ ᠪᠣᠯᠵᠣᠨ ᠶᠠᠷᠢᠯᠴᠠᠵᠤ᠂ ᠲᠡᠳᠡᠨ ᠢ ᠰᠢᠮᠳᠠᠭᠤᠯᠵᠤ ᠪᠠᠶᠢᠭᠠᠳ ᠬᠠᠮᠢᠶᠠᠷᠤᠯᠲᠠ ᠶᠢ | ᠨᠢ ᠴᠢᠩᠭᠠᠳᠬᠠᠵᠤ᠂ ᠰᠢᠯᠭᠠᠨ ᠦᠨᠡᠯᠡᠭᠰᠡᠨ ᠦᠷ᠎ᠡ ᠳ᠋ᠦᠩ ᠨᠢ ᠠᠵᠤ ᠠᠬᠤᠶᠢᠯᠠᠯ ᠤᠨ ᠲᠠᠷᠠᠭᠠᠴᠢ ᠶᠢᠨ ᠨᠢᠭᠡ | ᠱᠠᠲᠤᠨ ᠤ ᠲᠡᠷᠭᠡ ᠬᠥᠰᠬᠡ ᠣᠷᠣᠭᠤᠯᠬᠤ ᠲᠤᠭ᠎ᠠ ᠬᠡᠮᠵᠢᠶ᠎ᠡ ᠵᠡᠷᠭᠡ ᠯᠦᠭᠡ ᠬᠤᠯᠪᠣᠭᠳᠠᠯ ᠲᠠᠢ ᠪᠠᠶᠢᠬᠤ ᠬᠡᠷᠡᠭᠲᠡᠢ᠃ | ᠳᠥᠷᠪᠡ ᠳᠤ᠂ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠲᠦᠷᠭᠡᠨ ᠬᠡᠷᠡᠭᠵᠢᠭᠦᠯᠵᠦ᠂ | ᠳᠤᠭᠤᠢ ᠲᠡᠷᠭᠡᠨ ᠤ ᠠᠵᠤ ᠠᠬᠤᠶᠢᠯᠠᠯ ᠤᠨ ᠤᠨᠢᠨ ᠳᠡᠭᠡᠷ᠎ᠡ ᠨᠢ ᠵᠣᠭᠰᠤᠭᠠᠬᠤ ᠮᠡᠷᠭᠡᠵᠢᠯ ᠢ ᠰᠢᠨᠡᠴᠢᠯᠡᠬᠦ ᠶᠢ | ᠠᠬᠢᠭᠤᠯᠵᠤ᠂ ︽ᠡᠯᠧᠺᠲᠷᠣᠨ ᠢᠶᠠᠷ ᠬᠦᠷᠢᠶᠡᠯᠡᠬᠦ︾ᠪᠠᠶᠢᠷᠢ ᠲᠣᠭᠲᠠᠭᠠᠯᠲᠠ ᠶᠢᠨ ᠤᠨᠢᠨ ᠳᠡᠭᠡᠷ᠎ᠡ ᠨᠢ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠷᠢᠯᠢᠭ ᠣᠨᠣᠴᠠᠲᠠᠢ ᠪᠠᠷ ᠵᠣᠭᠰᠤᠭᠠᠬᠤ ᠰᠢᠨ᠎ᠡ ᠮᠡᠷᠭᠡᠵᠢᠯ ᠢ ᠬᠡᠷᠡᠭᠯᠡᠨ᠂ | ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ︽ᠲᠣᠭᠲᠠᠭᠰᠠᠨ ᠴᠡᠭ ᠲᠤ ᠬᠡᠷᠡᠰᠬᠡ ᠳᠤ ᠣᠷᠣᠭᠤᠯᠵᠤ ᠵᠣᠭᠰᠤᠭᠠᠬᠤ︾ | ᠶᠢ ᠠᠯᠬᠤᠮ ᠠᠯᠬᠤᠮ ᠢᠶᠠᠷ ᠱᠠᠭᠠᠷᠳᠠᠵᠤ᠂ ᠬᠤᠲᠠ ᠶᠢᠨ ᠥᠩᠭᠡ ᠦᠵᠡᠮᠵᠢ ᠶᠢᠨ ᠰᠠᠶᠢᠨ ᠰᠠᠶᠢᠬᠠᠨ ᠵᠠᠮ | ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠥᠲᠥᠯᠥᠭᠴᠢ᠄ | ᠭᠡᠷ ᠤᠨ ᠭᠠᠳᠠᠨᠠᠬᠢ ᠵᠠᠷ ᠮᠡᠳᠡᠭᠡᠨ ᠤ ᠲᠥᠬᠦᠭᠡᠷᠦᠮᠵᠢ ᠨᠢ ᠬᠤᠲᠠ ᠶᠢᠨ ᠥᠩᠭᠡ ᠦᠵᠡᠮᠵᠢ ᠶᠢᠨ ᠴᠢᠬᠤᠯᠠ | ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠬᠤᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠤᠨ | ᠬᠥᠭᠵᠢᠭᠦᠯᠦᠭᠰᠡᠨ ᠠᠬᠤᠢ ᠪᠠᠶᠢᠳᠠᠯ ᠤᠨ ᠳᠣᠣᠷ᠎ᠠ᠂ ᠭᠡᠷ ᠤᠨ ᠭᠠᠳᠠᠨᠠᠬᠢ ᠵᠠᠷ ᠮᠡᠳᠡᠭᠡᠨ ᠤ ᠲᠥᠬᠦᠭᠡᠷᠦᠮᠵᠢ ᠶᠢ ᠬᠡᠷᠬᠢᠨ | ᠬᠠᠮᠢᠶᠠᠷᠪᠠᠯ ᠵᠣᠬᠢᠬᠤ ᠪᠣᠶ︖ | ᠪᠦᠲᠦᠭᠡᠨ ᠪᠠᠶᠢᠭᠤᠯᠤᠯᠲᠠ ᠶᠢᠨ ᠵᠦᠢᠯ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠳ᠋ᠦᠩ ᠹᠧᠩ ᠪᠢᠩ ᠄ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠪᠠ ᠠᠵᠤ | ᠠᠬᠤᠢ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠭᠡᠷ ᠤᠨ ᠭᠠᠳᠠᠨᠠᠬᠢ ᠵᠠᠷ ᠮᠡᠳᠡᠭᠡᠨ ᠤ ᠠᠵᠢᠯ ᠲᠥᠷᠥᠯ ᠴᠦ | ᠨᠢᠰᠬᠦ ᠮᠡᠲᠦ ᠲᠦᠷᠭᠡᠨ ᠬᠥᠭᠵᠢᠯᠲᠡ ᠶᠢᠨ ᠬᠤᠭᠤᠴᠠᠭᠠᠨ ᠳᠠᠭᠠᠨ ᠣᠷᠣᠭᠰᠠᠨ ᠪᠠᠶᠢᠨ᠎ᠠ᠃ ᠲᠡᠭᠡᠪᠡᠯ᠂ ᠶᠠᠮᠠᠷ ᠠᠷᠭ᠎ᠠ | ᠬᠡᠮᠵᠢᠶ᠎ᠡ ᠠᠪᠤᠪᠠᠯ ᠰᠠᠶ᠋ᠢ ᠬᠤᠳᠠ ᠶᠢᠨ ᠳᠦᠷᠰᠦ ᠪᠠᠶᠢᠳᠠᠯ ᠤᠨ ︽ᠠᠮᠤᠷ ᠲᠦᠪᠰᠢᠨ᠂ ᠭᠤᠶᠤ ᠰᠠᠶᠢᠬᠠᠨ︾ ᠢ ᠪᠠᠲᠤᠯᠠᠵᠤ | ᠴᠢᠳᠠᠬᠤ ᠮᠥᠷᠲᠡᠭᠡᠨ ᠪᠠᠰᠠ ᠬᠤᠳᠠ ᠶᠢᠨ ᠥᠪᠡᠷᠮᠢᠴᠡ ᠣᠨᠴᠠᠯᠢᠭ ᠪᠠ ᠪᠦᠲᠦᠭᠡᠯᠴᠢ ᠰᠡᠳᠬᠢᠮᠵᠢ ᠶᠢ ᠢᠯᠡᠷᠡᠭᠦᠯᠵᠦ | ᠴᠢᠳᠠᠬᠤ ᠨᠢ ᠳᠠᠷᠤᠢ ᠪᠢᠳᠡᠨ ᠤ ᠪᠣᠳᠣᠯᠬᠢᠯᠠᠬᠤ ᠴᠢᠬᠤᠯᠠᠲᠠᠢ ᠠᠰᠠᠭᠤᠳᠠᠯ ᠪᠣᠯᠵᠤ ᠬᠤᠪᠢᠷᠠᠨ᠎ᠠ᠃ ᠡᠨᠡ ᠨᠢ ᠳᠠᠷᠤᠢ | ᠬᠤᠳᠠ ᠶᠢᠨ ᠳᠦᠷᠰᠦ ᠪᠠᠶᠢᠳᠠᠯ ᠤᠨ ︽ᠠᠮᠤᠷ ᠲᠦᠪᠰᠢᠨ᠂ ᠭᠤᠶᠤ ᠰᠠᠶᠢᠬᠠᠨ︾ ᠢ ᠪᠠᠲᠤᠯᠠᠵᠤ ᠴᠢᠳᠠᠬᠤ ᠪᠠᠷ ᠪᠠᠷᠠᠬᠤ | ᠦᠭᠡᠢ ᠪᠠᠰᠠ ᠬᠤᠳᠠ ᠶᠢᠨ ᠥᠪᠡᠷᠮᠢᠴᠡ ᠣᠨᠴᠠᠯᠢᠭ ᠪᠠ ᠪᠦᠲᠦᠭᠡᠯᠴᠢ ᠰᠡᠳᠬᠢᠮᠵᠢ ᠶᠢ ᠢᠯᠡᠷᠡᠭᠦᠯᠵᠦ ᠴᠢᠳᠠᠬᠤ | ᠶᠠᠪᠤᠳᠠᠯ ᠪᠣᠯᠣᠨ᠎ᠠ᠃ ᠣᠳᠣᠬᠢ ᠱᠠᠲᠤᠨ ᠳᠤ᠂ ᠭᠡᠷ ᠤᠨ ᠭᠠᠳᠠᠨᠠᠬᠢ ᠵᠠᠷ ᠮᠡᠳᠡᠭᠡᠨ ᠤ ᠲᠥᠬᠦᠭᠡᠷᠦᠮᠵᠢ ᠶᠢ | ᠪᠠᠶᠢᠷᠢᠯᠠᠭᠤᠯᠬᠤ ᠶᠠᠪᠤᠴᠠ ᠳᠤ᠂ ᠮᠠᠨ ᠤ ᠬᠤᠲᠠ ᠶᠢᠨ ᠵᠡᠭᠡᠯᠢ ᠭᠤᠳᠤᠮᠵᠢ ᠶᠢᠨ ᠣᠨᠴᠠᠯᠢᠭ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠪᠤᠰᠤᠳ | ᠬᠤᠲᠠ ᠶᠢᠨ ᠲᠡᠷᠢᠭᠦᠨ ᠤ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠪᠠᠷ ᠲᠣᠯᠢ ᠪᠣᠯᠭᠠᠵᠤ᠂ ︽ᠬᠥᠬᠡᠬᠤᠲᠠ ᠶᠢᠨ | ᠵᠡᠭᠡᠯᠢ ᠭᠤᠳᠤᠮᠵᠢ ᠶᠢᠨ ᠦᠵᠡᠮᠵᠢ ᠶᠢ ᠳᠡᠭᠡᠭᠰᠢᠯᠡᠭᠦᠯᠬᠦ ᠵᠢᠷᠤᠭ ᠲᠥᠯᠥᠪᠯᠡᠭᠡ ᠶᠢᠨ ᠵᠢᠯᠤᠭᠤᠳᠬᠤ ᠳᠦᠷᠢᠮ︾ ᠢ | ᠲᠤᠭᠤᠷᠪᠢᠨ ᠲᠣᠭᠲᠠᠭᠠᠵᠤ᠂ ᠮᠠᠨ ᠤ ᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ | ᠬᠤᠳᠠᠯᠳᠤᠭᠠᠨ ᠤ ᠫᠠᠶᠢᠰᠠ ᠢᠯᠡᠷᠬᠡᠶᠢᠯᠡᠯ ᠢ ᠪᠠᠶᠢᠷᠢᠯᠠᠭᠤᠯᠬᠤ ᠬᠠᠮᠢᠶᠠᠷᠤᠯᠲᠠ ᠶᠢᠨ ᠲᠠᠯ᠎ᠠ ᠪᠠᠷ ᠪᠠ ᠴᠡᠭᠴᠡᠯᠡᠨ | ᠰᠠᠶᠢᠵᠢᠷᠠᠭᠤᠯᠬᠤ ᠲᠠᠯ᠎ᠠ ᠪᠠᠷ ᠦᠨᠳᠦᠰᠦᠯᠡᠯ ᠬᠠᠩᠭᠠᠵᠤ᠂ ᠭᠡᠷ ᠤᠨ ᠭᠠᠳᠠᠨᠠᠬᠢ ᠬᠤᠳᠠᠯᠳᠤᠭᠠᠨ ᠤ ᠫᠠᠶᠢᠰᠠ | ᠪᠠᠶᠢᠷᠢᠯᠠᠭᠤᠯᠬᠤ ᠱᠠᠭᠠᠷᠳᠠᠯᠭ᠎ᠠ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠡᠭᠦᠨ ᠤ ᠵᠡᠷᠭᠡ ᠳᠤ᠂ ᠲᠣᠭᠲᠠᠭᠠᠯ | ᠠᠴᠠ ᠵᠥᠷᠢᠴᠡᠨ ᠪᠠᠶᠢᠷᠢᠯᠠᠭᠤᠯᠬᠤ ᠦᠭᠡᠢ ᠪᠠ ︽ᠨᠤᠲᠤᠭ ᠤᠨ ᠪᠠ ᠡᠩ ᠤᠨ ᠪᠠᠶᠢᠳᠠᠯ ᠢ ᠦᠭᠡᠶᠢᠰᠬᠡᠬᠦ︾ ᠤᠷᠢᠲᠠᠯ | ᠳᠣᠣᠷ᠎ᠠ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠳᠤ ᠥᠪᠡᠷᠮᠢᠴᠡ ᠪᠠ ᠪᠦᠲᠦᠭᠡᠯᠴᠢ ᠴᠢᠨᠠᠷᠲᠠᠢ ᠵᠢᠷᠤᠭ | ᠲᠥᠯᠥᠪᠯᠡᠭᠡ ᠬᠢᠬᠦ ᠶᠢ ᠰᠠᠨᠠᠭᠠᠴᠢᠯᠠᠵᠤ᠂ ᠬᠤᠳᠠᠯᠳᠤᠭᠠᠨ ᠤ ᠬᠤᠯᠪᠣᠯᠳᠤᠭᠰᠠᠨ ᠳᠡᠯᠭᠡᠭᠦᠷ᠂ ᠬᠤᠯᠪᠣᠭᠠᠲᠤ ᠳᠡᠯᠭᠡᠭᠦᠷ᠂ | ᠪᠠᠩᠬᠢ᠂ ᠰᠢᠤᠳᠠᠨ᠂ ᠴᠠᠬᠢᠯᠭᠠᠨ ᠮᠡᠳᠡᠭᠡ ᠵᠡᠷᠭᠡ ᠬᠤᠳᠠᠯᠳᠤᠭᠠᠨ ᠤ ᠪᠠᠶᠢᠭᠤᠯᠤᠮᠵᠢ ᠶᠢᠨ ᠡᠭᠦᠳᠡᠨ ᠳᠡᠭᠡᠷᠡᠬᠢ ᠫᠠᠶᠢᠰᠠ | ᠢᠯᠡᠷᠬᠡᠶᠢᠯᠡᠯ ᠢ ᠤᠤᠯ ᠤᠨ ᠬᠡᠪ ᠨᠠᠮᠪᠠ ᠪᠠᠷ ᠨᠢ ᠪᠠᠶᠢᠷᠢᠯᠠᠭᠤᠯᠤᠨ᠎ᠠ᠃ ︽ᠵᠥᠪᠰᠢᠶᠡᠷᠡᠬᠦ ᠪᠠ ᠬᠠᠮᠢᠶᠠᠷᠬᠤ ᠶᠢ | ᠰᠠᠯᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠨᠢᠭᠡᠴᠡ ᠲᠠᠢ ᠢᠳᠡᠪᠬᠢᠲᠡᠢ ᠬᠠᠮᠵᠢᠯᠴᠠᠨ ᠵᠥᠪᠰᠢᠶᠡᠷᠡᠭᠰᠡᠨ ᠤ ᠳᠠᠷᠠᠭᠠᠬᠢ | ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠤᠯᠢ ᠠᠴᠠ ᠵᠥᠷᠢᠴᠡᠨ ᠭᠠᠷᠭᠠᠭᠰᠠᠨ ᠭᠡᠷ ᠤᠨ | ᠭᠠᠳᠠᠨᠠᠬᠢ ᠵᠠᠷ ᠮᠡᠳᠡᠭᠡ ᠪᠠ ᠳᠡᠯᠭᠡᠭᠦᠷ ᠤᠨ ᠫᠠᠶᠢᠰᠠ ᠢᠯᠡᠷᠬᠡᠶᠢᠯᠡᠯ ᠢ ︽ᠡᠷᠲᠡ ᠢᠯᠡᠷᠡᠭᠦᠯᠵᠦ᠂ ᠡᠷᠲᠡ ᠴᠡᠭᠴᠡᠯᠡᠨ | ᠰᠠᠶᠢᠵᠢᠷᠠᠭᠤᠯᠬᠤ︾ ᠶᠢ ᠪᠡᠶᠡᠯᠡᠭᠦᠯᠵᠦ᠂ ︽ᠨᠢᠭᠡ ᠳᠡᠯᠭᠡᠭᠦᠷ ᠨᠢᠭᠡ ᠲᠠᠩᠰᠠ ᠡᠪᠬᠡᠮᠡᠯ︾ ᠢ ᠪᠠᠶᠢᠭᠤᠯᠬᠤ᠂ ︽ | ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ | ᠵᠢᠷᠤᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠤᠨ | ᠪᠠᠶᠢᠷᠢᠯᠠᠭᠤᠯᠤᠯᠲᠠ ᠶᠢ ᠬᠢᠨᠠᠨ ᠬᠠᠮᠢᠶᠠᠷᠴᠤ᠂ ᠬᠤᠲᠠ ᠶᠢᠨ ᠵᠠᠮ ᠳᠠᠭᠠᠤ ᠶᠢᠨ ᠬᠤᠶᠠᠷ ᠬᠠᠵᠠᠭᠤ ᠶᠢᠨ ᠨᠢᠭᠡ | ᠳᠡᠯᠭᠡᠭᠦᠷ ᠲᠤ ᠣᠯᠠᠨ ᠢᠯᠡᠷᠬᠡᠶᠢᠯᠡᠯ ᠭᠠᠷᠭᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠪᠠᠶᠢᠷᠢᠯᠠᠭᠤᠯᠬᠤ᠂ ᠪᠣᠬᠢᠷᠲᠤᠬᠤ᠂ | ᠥᠩᠭᠡ ᠤᠨᠠᠬᠤ᠂ ᠡᠪᠳᠡᠷᠡᠵᠦ ᠳᠦᠷᠰᠦ ᠬᠤᠪᠢᠷᠠᠬᠤ᠂ ᠪᠦᠷᠢᠨ ᠪᠤᠰᠤ ᠦᠵᠡᠭᠦᠯᠬᠦ ᠵᠡᠷᠭᠡ ᠪᠠᠶᠢᠷᠢᠯᠠᠭᠤᠯᠤᠯᠲᠠ ᠶᠢᠨ | ᠵᠢᠷᠤᠮᠵᠢᠯ ᠳᠤ ᠥᠯᠥ ᠨᠡᠶᠢᠴᠡᠬᠦ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠴᠠᠭ ᠲᠤᠬᠠᠢ ᠳᠤᠨᠢ ᠢᠯᠭᠠᠷᠠᠭᠤᠯᠤᠨ | ᠴᠡᠭᠴᠡᠯᠡᠨ᠎ᠡ᠃ | ᠬᠥᠲᠥᠯᠥᠭᠴᠢ ᠄ | ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠳᠤ᠄ ᠳᠡᠯᠭᠡᠴᠡ ᠶᠢᠨ ᠠᠵᠤ ᠠᠬᠤᠢ ᠨᠢ ᠨᠢᠭᠡ ᠦᠶ᠎ᠡ ᠬᠤᠲᠠ | ᠶᠢᠨ ᠬᠥᠭᠵᠢᠶᠡᠨ ᠲᠠᠢ ᠲᠥᠯᠥᠭᠡᠯᠡᠭᠴᠢ ᠬᠡᠮᠡᠭᠳᠡᠵᠦ ᠪᠠᠶᠢᠭᠰᠠᠨ ᠪᠥᠭᠡᠳ ᠮᠠᠰᠢ ᠣᠯᠠᠨ ᠬᠥᠮᠥᠰ ᠤᠨ ᠪᠠᠭ᠎ᠠ ᠶᠢᠨ | ᠦᠶ᠎ᠡ ᠶᠢᠨ ᠳᠤᠷᠠᠰᠤᠮᠵᠢ ᠶᠢ ᠠᠴᠢᠶᠠᠯᠠᠵᠤ ᠪᠠᠶᠢᠭᠰᠠᠨ ᠪᠣᠯᠪᠠᠴᠤ ᠬᠤᠲᠠ ᠶᠢᠨ ᠠᠮᠢᠵᠢᠷᠠᠯ ᠤᠨ ᠬᠦᠴᠦᠨ ᠢ | ᠳᠡᠭᠡᠭᠰᠢᠯᠡᠭᠦᠯᠬᠦ ᠪᠠ ᠬᠡᠷᠡᠭᠯᠡᠭᠡ ᠶᠢ ᠳᠠᠶᠢᠴᠢᠯᠠᠬᠤ ᠶᠢᠨ ᠵᠡᠷᠭᠡ ᠳᠤ ᠪᠠᠰᠠ ᠬᠤᠲᠠ ᠶᠢᠨ ᠳᠦᠷᠰᠦ ᠪᠠᠶᠢᠳᠠᠯ ᠢ | ᠵᠢᠷᠤᠮᠵᠢᠭᠤᠯᠤᠨ ᠬᠠᠮᠢᠶᠠᠷᠬᠤ ᠲᠠᠯ᠎ᠠ ᠪᠠᠷ ᠰᠢᠨ᠎ᠡ ᠥᠷᠢᠰᠦᠯᠳᠦᠭᠡᠨ ᠢ ᠳᠤᠷᠠᠳᠤᠭᠰᠠᠨ ᠪᠠᠶᠢᠨ᠎ᠠ᠃ ᠲᠡᠭᠡᠪᠡᠯ ᠶᠠᠪᠤᠭᠤᠯ | ᠬᠤᠳᠠᠯᠳᠤᠭᠠᠴᠢᠨ ᠢ ᠬᠡᠷᠬᠢᠨ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠬᠠᠮᠢᠶᠠᠷᠬᠤ ᠪᠤᠢ ︖ | ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠪᠠᠢ ᠯᠢ ᠢᠦᠢ᠄ | ᠬᠤᠲᠠ ᠶᠢᠨ ︽ᠬᠤᠸᠠᠷ ᠫᠤᠤᠵᠢᠩ︾ ᠨᠢ ᠬᠤᠲᠠ ᠶᠢᠨ ᠠᠮᠢᠵᠢᠷᠠᠯ ᠤᠨ ᠬᠦᠴᠦᠨ ᠤ ᠢᠯᠡᠷᠡᠯ ᠪᠣᠯᠬᠤ ᠪᠠᠷ | ᠪᠠᠷᠠᠬᠤ ᠦᠭᠡᠢ᠂ ᠨᠠᠩ ᠴᠤ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠡᠨᠡ | ᠵᠢᠯ ᠠᠴᠠ ᠨᠠᠰᠢ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠤᠲᠠ ᠶᠢᠨ | ᠠᠮᠢᠵᠢᠷᠠᠯ ᠤᠨ ᠬᠦᠴᠦᠨ ᠢ ᠡᠮᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠢᠢᠳᠪᠦᠷᠢᠯᠡᠵᠦ᠂ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠦᠳᠡᠯ | ᠳᠡᠯᠭᠡᠭᠦᠷᠴᠢᠨ ᠤ ᠬᠠᠮᠢᠶᠠᠷᠤᠯᠲᠠ ᠶᠢ ᠴᠢᠩᠭᠠᠳᠬᠠᠨ᠂ ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠤᠨ | ᠠᠵᠤ ᠠᠬᠤᠢ ᠶᠢ ᠵᠢᠷᠤᠮᠵᠢᠭᠤᠯᠤᠨ ᠬᠥᠭᠵᠢᠭᠦᠯᠵᠦ᠂ ᠬᠤᠲᠠ ᠶᠢᠨ ᠳᠦᠷᠰᠦ ᠪᠠᠶᠢᠳᠠᠯ ᠴᠡᠪᠡᠷ ᠪᠥᠭᠡᠳ ᠡᠮᠬᠢ | ᠳᠢᠭᠯᠢᠮ ᠲᠠᠢ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠳᠡᠯᠭᠡᠭᠦᠷ ᠢ ᠵᠠᠬ᠎ᠠ ᠳᠡᠯᠭᠡᠭᠦᠷ ᠲᠤ ᠣᠷᠣᠭᠤᠯᠬᠤ | ᠠᠷᠭ᠎ᠠ ᠬᠡᠮᠵᠢᠶ᠎ᠡ ᠠᠪᠴᠤ᠂ ᠴᠡᠴᠡᠷᠯᠢᠭ ᠤᠨ ᠠᠭᠤᠳᠠᠮ ᠲᠠᠯᠠᠪᠠᠶ᠂ ᠨᠡᠶᠢᠭᠡᠮ ᠲᠣᠭᠤᠷᠢᠭ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠵᠡᠷᠭᠡ ᠣᠯᠠᠨ ᠬᠥᠮᠥᠨ ᠲᠥᠪᠯᠡᠷᠡᠭᠰᠡᠨ ᠭᠠᠵᠠᠷ | ᠣᠷᠣᠨ ᠢ ᠰᠣᠩᠭᠤᠵᠤ ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢ ᠰᠦᠪᠡᠭᠴᠢᠯᠡᠨ | ᠬᠥᠭᠵᠢᠭᠦᠯᠦᠨ᠎ᠡ᠃ ᠡᠭᠦᠨ ᠤ ᠬᠠᠮᠲᠤ ᠳᠠᠩᠰᠠᠯᠠᠭᠤᠯᠬᠤ ᠪᠠᠷ ᠭᠤᠶᠤᠴᠢᠯᠠᠬᠤ ᠶᠠᠪᠤᠴᠠ ᠶᠢ ᠳᠥᠭᠦᠮᠴᠢᠯᠡᠵᠦ᠂ | ᠬᠤᠳᠠᠯᠳᠤᠭ᠎ᠠ ᠠᠵᠤ ᠠᠬᠤᠶᠢᠯᠠᠯ ᠤᠨ ᠡᠯ᠎ᠡ ᠲᠦᠷᠦᠯ ᠤᠨ ᠠᠵᠢᠯᠯᠠᠭ᠎ᠠ ᠡᠷᠬᠢᠯᠡᠬᠦ ᠶᠢ ᠪᠦᠬᠦ ᠬᠦᠴᠦᠨ ᠢᠶᠠᠷ ᠢᠶᠠᠨ | ᠲᠡᠮᠵᠢᠨ᠎ᠠ᠃ ᠨᠢᠭᠡ ᠳᠤ᠂ ᠡᠷᠭᠢᠯᠲᠡ ᠶᠢᠨ ᠭᠤᠳᠤᠮᠵᠢ᠂ ᠥᠷᠭᠡᠨ ᠭᠤᠳᠤᠮᠵᠢ ᠪᠠᠷ ᠲᠥᠯᠥᠭᠡᠯᠡᠭᠦᠯᠦᠭᠰᠡᠨ ︽ᠴᠤᠤᠲᠠᠢ | ᠲᠣᠭᠯᠠᠭᠠᠮ ᠤᠨ ᠰᠢᠨ᠎ᠡ ᠭᠠᠵᠠᠷ ᠤᠨ ᠲᠡᠮᠳᠡᠭ︾ ᠢ ᠢᠳᠡᠪᠬᠢᠲᠡᠢ ᠡᠭᠦᠳᠴᠦ᠂ ᠤᠯᠠᠮᠵᠢᠯᠠᠯᠲᠤ ᠣᠨᠴᠠᠯᠢᠭᠲᠤ ᠢᠳᠡᠭᠡᠨ | ᠪᠣᠯᠣᠨ ᠰᠦᠯᠵᠢᠶᠡᠨ ᠤ ᠬᠦᠷᠢᠶᠡᠯᠡᠯ ᠲᠠᠢ ᠢᠳᠡᠭᠡᠨ ᠤᠮᠳᠠᠭᠠᠨ ᠢ ᠤᠶᠠᠯᠳᠤᠭᠤᠯᠵᠤ᠂ ᠬᠤᠳᠠ ᠶᠢᠨ ᠠᠷᠠᠳ ᠤᠨ | ᠬᠡᠷᠡᠭᠯᠡᠭᠡᠨ ᠤ ᠬᠡᠷᠡᠭᠴᠡᠭᠡ ᠶᠢ ᠡᠭᠦᠳᠴᠦ᠂ ᠬᠤᠳᠠᠯᠳᠤᠭᠠᠴᠢᠳ ᠤᠨ ᠡᠵᠡᠩᠨᠡᠯᠲᠡ ᠪᠣᠯᠣᠨ ᠰᠠᠭᠤᠭᠠᠯᠢ ᠠᠷᠠᠳ ᠤᠨ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠪᠡ᠃ ᠤᠯᠤᠰ ᠤᠨ ᠪᠠᠶᠠᠷ ᠤᠨ | ᠬᠤᠭᠤᠴᠠᠭᠠᠨ ᠳᠤ᠂ ᠵᠦᠩᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠲᠤ ᠬᠠᠢ ᠯᠢᠶᠠᠩ ᠲᠠᠯᠠᠪᠠᠶ ᠪᠠᠷ | ᠭᠤᠣᠯᠳᠠᠯᠭ᠎ᠠ ᠪᠣᠯᠭᠠᠨ᠂ ᠳ᠋ᠧᠩ ᠤᠨ ᠬᠡᠷᠡᠯ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠦ᠂ ᠵᠦᠩᠱᠠᠨ | ᠵᠠᠮ ᠤᠨ ᠡᠯ᠎ᠡ ᠲᠣᠮᠣ ᠬᠤᠳᠠᠯᠳᠤᠭᠠᠨ ᠤ ᠲᠠᠯᠠᠪᠤᠷ ᠤᠨ ᠭᠠᠳᠠᠷ ᠲᠠᠯ᠎ᠠ ᠶᠢ ᠪᠦᠬᠦᠨ ᠢ ᠭᠡᠷᠡᠯᠲᠦᠭᠦᠯᠪᠡ᠃ ᠪᠥᠬᠦ | ᠵᠢᠯ ᠳᠤ ᠨᠡᠶᠢᠭᠡᠮ ᠨᠡᠶᠢᠲᠡ ᠳᠤ ᠨᠢᠭᠡᠨᠲᠡ ᠳᠥᠷᠪᠡᠨ ᠪᠦᠯᠦᠭ ᠥᠷᠯᠥᠭᠡ ᠶᠢᠨ ᠰᠥᠨᠢ ᠶᠢᠨ ᠵᠠᠬ᠎ᠠ ᠳᠡᠯᠭᠡᠭᠦᠷ᠂ | ᠭᠠᠷᠠᠭ ᠤᠨ ᠰᠡᠭᠦᠯᠴᠢ ᠶᠢᠨ 61 ᠴᠤᠭᠯᠠᠭ᠎ᠠ ᠮᠠᠶᠢᠮᠠᠢ ᠶᠢ ᠢᠯᠡ ᠨᠡᠶᠢᠲᠡᠯᠡᠵᠦ᠂ ᠨᠡᠶᠢᠲᠡ 4627 ᠳᠡᠯᠭᠡᠭᠦᠷ | ᠭᠠᠷᠭᠠᠵᠤ᠂ ᠡᠵᠡᠩᠨᠡᠯᠲᠡ ᠶᠢᠨ ᠲᠠᠯᠠᠪᠠᠶ ᠨᠢ 17.3 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ | ᠬᠤᠶᠠᠷ ᠲᠤ ᠲᠠᠷᠢᠶᠠᠴᠢᠳ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠤᠳᠠ ᠳᠤ ᠣᠷᠣᠵᠤ | ᠥᠪᠡᠰᠦᠪᠡᠨ ᠪᠣᠷᠣᠯᠠᠭᠤᠯᠬᠤ ᠶᠢ ᠲᠡᠮᠵᠢᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠲᠠᠷᠢᠶᠠᠴᠢᠳ ᠤᠨ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠪᠡᠷᠬᠡ ᠰᠡᠳᠦᠪ ᠢ | ᠰᠢᠢᠳᠪᠦᠷᠢᠯᠡᠵᠦ᠂ ᠬᠤᠳᠠ ᠶᠢᠨ ᠲᠣᠭᠤᠷᠢᠭ ᠤᠨ ᠡᠮᠬᠢ ᠵᠢᠷᠤᠮ ᠢ ᠵᠢᠷᠤᠮᠵᠢᠭᠤᠯᠬᠤ ᠶᠢᠨ ᠲᠥᠯᠥᠭᠡ᠂ ᠡᠪᠦᠯ ᠤᠨ | ᠬᠠᠳᠠᠭᠠᠯᠠᠮᠵᠢ ᠶᠢᠨ ᠨᠣᠭᠤᠭ᠎ᠠ ᠶᠢ ᠲᠦᠷ ᠪᠣᠷᠣᠯᠠᠭᠤᠯᠬᠤ 18 ᠴᠡᠭ ᠢ ᠨᠡᠭᠡᠭᠡᠵᠦ᠂ ᠬᠤᠳᠠ ᠶᠢᠨ ᠠᠷᠠᠳ ᠤᠨ | ᠬᠤᠳᠠᠯᠳᠤᠨ ᠠᠪᠬᠤ ᠳᠤ ᠲᠦᠬᠦᠮ ᠦᠵᠡᠭᠦᠯᠬᠦ ᠶᠢᠨ ᠵᠡᠷᠭᠡᠴᠡᠭᠡᠪᠡᠷ ᠨᠢᠭᠡ ᠲᠠᠯ᠎ᠠ ᠪᠠᠷ ᠢᠳᠡᠰᠢᠨ ᠨᠣᠭᠤᠭ᠎ᠠ ᠶᠢᠨ | ᠲᠠᠷᠢᠶᠠᠴᠢᠳ ᠤᠨ ᠪᠣᠷᠣᠯᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠦᠬᠦᠭᠡ | ᠲᠠᠯ᠎ᠠ ᠪᠠᠷ ᠢᠳᠡᠰᠢᠨ ᠨᠣᠭᠤᠭ᠎ᠠ ᠶᠢᠨ ᠲᠠᠷᠢᠶᠠᠴᠢᠳ ᠤᠨ ᠨᠡᠭᠦᠳᠡᠯᠯᠡᠨ ᠬᠤᠳᠠᠯᠳᠤᠬᠤ ᠠᠴᠠ ᠵᠠᠶᠢᠯᠠᠰᠬᠢᠨ᠎ᠡ᠃ | ᠭᠤᠷᠪᠠ ᠳᠤ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠥᠪᠡᠷᠲᠡᠭᠡᠨ ᠬᠡᠷᠡᠭᠯᠡᠬᠦ | ᠭᠠᠵᠠᠷ ᠤᠨ ᠳᠣᠲᠣᠷ᠎ᠠ ᠳᠡᠯᠭᠡᠨ ᠦᠵᠡᠭᠦᠯᠬᠦ ᠰᠠᠷᠠᠪᠴᠢ᠂ ᠳᠡᠯᠭᠡᠨ ᠦᠵᠡᠭᠦᠯᠬᠦ ᠪᠠᠶᠢᠷᠢ ᠭᠠᠷᠭᠠᠵᠤ ᠭᠡᠷ ᠤᠨ ᠭᠠᠳᠠᠨᠠᠬᠢ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠦᠢᠯᠡᠴᠢᠯᠡᠭᠡᠨ ᠤ ᠦᠵᠡᠯ | ᠤᠬᠠᠮᠰᠠᠷ ᠢᠶᠠᠨ ᠴᠢᠩᠭᠠᠷᠠᠭᠤᠯᠵᠤ᠂ ᠳᠠᠩᠰᠠᠯᠠᠬᠤ ᠴᠤᠪᠤᠷᠠᠯ ᠢ ᠳᠥᠭᠦᠮᠴᠢᠯᠡᠨ᠂ ᠡᠯ᠎ᠡ ᠲᠣᠮᠣ ᠬᠤᠳᠠᠯᠳᠤᠭ᠎ᠠ ︵ | ᠠᠷᠠᠯᠵᠢᠶ᠎ᠠ ᠬᠤᠳᠠᠯᠳᠤᠭ᠎ᠠ︶ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠭᠠᠳᠠᠭᠰᠢ ᠳᠡᠯᠭᠡᠬᠦ ᠪᠠ ᠵᠠᠬ᠎ᠠ | ᠳᠡᠯᠭᠡᠭᠦᠷ ᠤᠨ ᠠᠵᠢᠯᠯᠠᠭ᠎ᠠ ᠥᠷᠨᠢᠭᠦᠯᠬᠦ ᠶᠢ ᠠᠬᠢᠭᠤᠯᠬᠤ ᠶᠢᠨ ᠬᠠᠮᠲᠤ ᠤᠷᠤᠯᠳᠤᠭᠠᠨ᠂ ᠲᠣᠭᠯᠠᠯᠲᠠ᠂ | ᠬᠤᠳᠠᠯᠳᠤᠭᠠᠨ ᠤ ᠠᠵᠢᠯᠯᠠᠭ᠎ᠠ ᠡᠷᠭᠢᠯᠡᠬᠦ ᠵᠡᠷᠭᠡ ᠳᠤ ᠳᠠᠩᠰᠠᠯᠠᠭᠤᠯᠬᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ | ᠪᠠᠳᠠᠷᠠᠭᠤᠯᠤᠨ᠎ᠠ᠃ ᠳᠥᠷᠪᠡ ᠳᠤ᠂ ᠳᠡᠳ᠋ ᠭᠤᠣᠯ ᠵᠠᠮ᠂ ᠠᠷᠤ ᠭᠤᠳᠤᠮᠵᠢ ᠳᠤ ᠵᠡᠭᠡᠯᠢ ᠭᠤᠳᠤᠮᠵᠢ ᠶᠢᠨ ᠪᠣᠳᠠᠲᠠᠢ | ᠣᠷᠣᠨ ᠵᠠᠢ ᠶᠢᠨ ᠳᠠᠭᠠᠭᠠᠴᠠ ᠶᠢ ᠦᠨᠳᠦᠰᠦᠯᠡᠵᠦ᠂ ᠬᠤᠳᠠᠯᠳᠤᠭᠠᠨ ᠤ ᠡᠷᠦᠬᠡ ᠳᠤ ᠵᠣᠬᠢᠬᠤ ᠬᠡᠮᠵᠢᠶᠡᠨ ᠤ︽ᠨᠢᠭᠡ | ᠮᠧᠲᠷ ᠤᠨ ᠱᠤᠭᠤᠮ︾ᠵᠢᠷᠤᠵᠤ᠂ ᠬᠤᠳᠠᠯᠳᠤᠭᠠᠨ ᠤ ᠡᠷᠦᠬᠡ ᠶᠢᠨ ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠳᠤ | ᠬᠡᠷᠡᠭᠯᠡᠬᠦ ᠭᠠᠵᠠᠷ ᠢ ᠠᠰᠢᠭᠯᠠᠨ ᠡᠵᠡᠩᠨᠡᠯᠲᠡ ᠶᠢᠨ ᠴᠢᠨᠠᠷᠲᠠᠢ ᠳᠡᠯᠭᠡᠨ ᠦᠵᠡᠭᠦᠯᠬᠦ ᠡᠳ᠋ ᠪᠣᠳᠠᠰ ᠢ ᠵᠣᠬᠢᠰᠲᠠᠢ ᠳᠡᠯᠭᠡᠨ | ᠲᠠᠯᠪᠢᠬᠤ ᠶᠢ ᠵᠥᠪᠰᠢᠶᠡᠷᠡᠵᠦ᠂ ᠬᠤᠲᠠ ᠶᠢᠨ ᠠᠷᠠᠳ ᠤᠨ ᠬᠤᠳᠠᠯᠳᠤᠨ ᠠᠪᠬᠤ ᠳᠤ ᠲᠦᠭᠦᠮ ᠦᠵᠡᠭᠦᠯᠬᠦ ᠶᠢᠨ | ᠬᠠᠮᠲᠤ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢ ᠠᠬᠢᠭᠤᠯᠤᠨ᠎ᠠ᠃ ᠲᠠᠪᠤ ᠳᠤ᠂ ᠭᠤᠷᠪᠠᠨ ᠱᠠᠲᠤᠨ ᠤ | ᠵᠠᠭᠤᠴᠢᠯᠠᠭᠤᠷ ᠢ ᠵᠣᠬᠢᠶᠠᠨ ᠪᠠᠶᠢᠭᠤᠯᠤᠨ ︽ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠬᠤᠲᠠ ᠶᠢᠨ | ᠬᠤᠸᠠᠷ ᠫᠤᠤᠵᠢᠩ ᠤᠨ ᠠᠭᠤᠷ ᠠᠮᠢᠰᠬᠤᠯ ᠢ ᠬᠥᠭᠵᠢᠭᠡᠬᠦ︾ ᠤᠬᠠᠭᠤᠯᠭ᠎ᠠ ᠮᠡᠳᠡᠭᠡᠯᠡᠯ ᠬᠢᠵᠦ᠂ ᠣᠬᠤᠷ ᠸᠢᠳᠢᠤ᠋ | ᠦᠢᠯᠡᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠪᠤᠭᠤᠯ ᠬᠤᠳᠠᠯᠳᠤᠭᠠᠴᠢᠨ ᠳᠡᠯᠭᠡᠭᠦᠷᠴᠢᠨ᠂ ᠵᠠᠮ ᠡᠵᠡᠯᠡᠨ | ᠡᠵᠡᠩᠨᠡᠬᠦ ᠵᠡᠷᠭᠡ ᠪᠣᠯᠪᠠᠰᠤᠨ ᠪᠤᠰᠤ ᠦᠶᠯᠡ ᠠᠵᠢᠯᠯᠠᠭ᠎ᠠ ᠪᠠ ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠤᠨ | ᠣᠷᠣᠨ ᠪᠠᠶᠢᠷᠢ᠂ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠦᠢᠯᠡᠳᠦᠭᠰᠡᠨ ︽ᠲᠣᠰ ᠭᠠᠵᠠᠷ ᠤᠨ ᠭᠤᠸ᠎ᠠ ᠲᠠᠷᠢᠶᠠᠴᠢᠨ ᠲᠣᠰ ᠭᠠᠵᠠᠷ ᠤᠨ ᠭᠤᠸ᠎ᠠ︾ ᠶᠢᠨ | ᠪᠥᠬᠦ ᠤᠯᠤᠰ ᠤᠨ ᠰᠦᠯᠵᠢᠶᠡᠨ ᠤ ᠠᠨᠳᠠ ᠨᠠᠷ 7 ᠲᠦᠮᠡ ᠭᠠᠷᠤᠢ ᠰᠢᠭᠦᠮᠵᠢ ᠳᠤ ᠣᠷᠣᠯᠴᠠᠭᠰᠠᠨ ᠪᠥᠭᠡᠳ ᠥᠪᠥᠷ | ᠮᠣᠩᠭᠤᠯ ᠤᠨ ᠬᠤᠶᠠᠳᠤᠭᠠᠷ ᠬᠤᠭᠤᠴᠠᠭᠠᠨ ᠤ ᠣᠬᠤᠷ ᠸᠢᠳᠢᠤ᠋ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠪᠠ | ᠬᠠᠮᠤᠭ ᠤᠨ ᠰᠢᠯᠢᠳᠡᠭ ᠤᠯᠠᠮᠵᠢᠯᠠᠨ ᠲᠠᠷᠬᠠᠭᠠᠬᠤ ᠪᠦᠲᠦᠭᠡᠯ ᠤᠨ ᠱᠠᠩᠨᠠᠯ ᠢ ᠭᠥᠷᠳᠡᠪᠡ᠃ ᠪᠣᠳᠠᠲᠤ ᠸᠢᠳᠢᠤ᠋ ︽ᠴᠧᠨ | ᠠᠪᠠᠭ᠋ᠠᠢ ᠶᠢᠨ ᠵᠢᠮᠢᠰ ᠤᠨ ᠳᠡᠯᠭᠡᠴᠡ ᠳᠤ ᠰᠢᠭᠤᠳ ᠴᠣᠬᠢᠯᠲᠠ ᠥᠭᠬᠦ︾ ᠶᠢ 1.5 ᠲᠦᠮᠡᠨ ᠬᠥᠮᠥᠨ ᠮᠠᠭᠲᠠᠨ | ᠰᠠᠶᠢᠰᠢᠶᠠᠵᠤ᠂ 6000 ᠲᠦᠮᠡᠨ ᠬᠥᠮᠥᠨ ᠤ ᠰᠢᠭᠦᠮᠵᠢ ᠥᠭᠴᠦ᠂ 81 ᠲᠦᠮᠡᠨ ᠬᠥᠮᠥᠨ ᠢ ᠭᠦᠶᠦᠯᠭᠡᠨ ᠦᠵᠡᠭᠰᠡᠨ | ᠪᠥᠭᠡᠳ ᠥᠪᠥᠷ ᠮᠣᠩᠭᠤᠯ ᠤᠨ ᠬᠤᠶᠠᠳᠤᠭᠠᠷ ᠬᠤᠭᠤᠴᠠᠭᠠᠨ ᠤ ᠣᠬᠤᠷ ᠸᠢᠳᠢᠤ᠋ ᠶᠢᠨ ᠤᠷᠤᠯᠳᠤᠭᠠᠨ ᠤ ᠬᠠᠮᠤᠭ | ᠰᠢᠯᠢᠳᠡᠭ ᠤᠯᠠᠮᠵᠢᠯᠠᠨ ᠲᠠᠷᠬᠠᠭᠠᠬᠤ ᠪᠦᠲᠦᠭᠡᠯ ᠤᠨ ᠱᠠᠩᠨᠠᠯ ᠢ ᠬᠦᠷᠳᠡᠪᠡ᠃ ᠣᠬᠤᠷ ᠸᠢᠳᠢᠤ᠋︽ᠵᠤᠤ ᠪᠠᠭᠰᠢ ᠶᠢ | ᠳᠠᠭᠤᠳᠠᠬᠤ ᠳᠤ ᠥᠷᠯᠥᠭᠡ ᠶᠢᠨ ᠵᠠᠬ᠎ᠠ ᠳᠡᠯᠭᠡᠭᠦᠷ ᠨᠡᠭᠡᠭᠡᠭᠳᠡᠵᠡᠢ︾ᠭᠡᠬᠦ ᠺᠢᠨᠣ᠋ ᠶᠢᠨ 1000 ᠰᠢᠭᠦᠮᠵᠢ 200 ᠶᠢ | ᠮᠠᠭᠲᠠᠨ ᠰᠠᠶᠢᠰᠢᠶᠠᠵᠤ᠂ 1.6 ᠲᠦᠮᠡᠨ ᠬᠥᠮᠥᠨ ᠢ ᠭᠦᠶᠦᠯᠭᠡᠨ ᠦᠵᠡᠪᠡ᠃ ᠵᠢᠷᠭᠤᠭ᠎ᠠ ᠳᠤ ᠠᠵᠢᠯᠯᠠᠭ᠎ᠠ ᠶᠢᠨ ᠣᠷᠣᠨ | ᠪᠦᠰᠡ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ | ᠪᠠᠶᠢᠴᠠᠭᠠᠬᠤ ᠤᠳᠠᠭ᠎ᠠ ᠲᠠᠢ ᠤᠶᠠᠯᠳᠤᠭᠤᠯᠤᠨ᠂ ᠡᠵᠡᠩᠨᠡᠭᠴᠢᠳ ᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ | ︾ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠭ ᠨᠣᠪᠰᠢ ᠶᠢᠨ ᠰᠠᠪᠠ ᠶᠢ | ᠰᠠᠶᠢᠲᠤᠷ ᠲᠠᠯᠪᠢᠬᠤ︾ ︽ᠬᠤᠭᠤᠯᠠᠨ ᠭᠡᠷ ᠤᠨ ᠬᠤᠭ ᠨᠣᠪᠰᠢ ᠶᠢ ᠰᠠᠶᠢᠲᠤᠷ ᠴᠤᠭᠯᠠᠭᠤᠯᠬᠤ︾ ︽ | ᠡᠵᠡᠩᠨᠡᠯᠲᠡ ᠶᠢᠨ ᠴᠠᠭ ᠢ ᠵᠢᠷᠤᠮᠵᠢᠯ ᠲᠠᠢ ᠪᠠᠶᠢᠯᠭᠠᠬᠤ︾ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠪᠠᠲᠤᠯᠠᠬᠤ︾ ᠳᠥᠷᠪᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠲᠤ ᠲᠠᠭᠠᠯᠠᠮᠵᠢᠲᠠᠢ | ᠬᠡᠷᠡᠭᠯᠡᠭᠡᠨ ᠤ ᠣᠷᠴᠢᠨ ᠲᠣᠭᠤᠷᠢᠨ ᠢ ᠬᠠᠩᠭᠠᠨ ᠥᠭᠴᠦ᠂ ᠬᠤᠲᠠ ᠶᠢᠨ ᠬᠤᠸᠠᠷ ᠫᠤᠤᠵᠢᠩ ᠤᠨ ᠠᠷᠢᠭᠤᠨ ᠴᠡᠪᠡᠷ | ᠡᠮᠬᠢ ᠵᠢᠷᠤᠮ ᠲᠠᠢ ᠪᠠᠷ ᠳᠡᠯᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠬᠠᠮᠢᠶᠠᠷᠤᠭᠴᠢ᠄ | ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠪᠠᠢ ᠯᠢ ᠢᠦᠢ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭᠠᠨ ᠤ ᠳ᠋ᠦᠩ ᠹᠧᠩ ᠪᠢᠩ ᠰᠠᠯᠠᠭᠠᠨ | ᠳᠠᠷᠤᠭ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ | ᠠᠩᠭᠢ ᠶᠢᠨ ᠯᠢᠦ ᠤᠯᠠᠭᠠᠨ ᠴᠡᠷᠢᠭ ᠤᠨ ᠳᠡᠳ᠋ ᠰᠠᠯᠪᠤᠷᠢ ᠠᠩᠭᠢ ᠶᠢᠨ ᠳᠠᠷᠤᠭ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠶᠦᠨ ᠰᠢᠶᠣᠣ ᠳ᠋ᠦᠩ ᠶᠡᠭᠡ | ᠠᠩᠭᠢ ᠶᠢᠨ ᠳᠠᠷᠤᠭ᠎ᠠ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠪᠠ ᠣᠷᠤᠯᠴᠠᠯᠭ᠎ᠠ ᠳᠤ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ | ᠪᠠᠶᠢᠨ᠎ᠠ᠃ | | |