ᠠᠭᠤᠷ ᠠᠮᠢᠰᠬᠤᠯ ᠳᠤᠯᠠᠭᠠᠷᠠᠵᠤ᠂ ᠥᠪᠥᠷ ᠮᠣᠩᠭᠤᠯ ᠤᠨ ᠣᠯᠠᠨ ᠭᠠᠵᠠᠷ ᠤᠨ ᠬᠢᠨ ᠤᠮᠠᠷᠠᠰᠢ ᠪᠤᠴᠠᠬᠤ ᠨᠡᠭᠦᠳᠡᠯ ᠤᠨ ᠰᠢᠪᠠᠭᠤᠳ ᠢ ᠤᠭᠲᠤᠨ ᠠᠪᠴᠢᠷᠠᠯ᠎ᠠ
ᠨᠡᠶᠢᠲᠡᠯᠡᠭᠰᠡᠨ ᠴᠠᠭ᠄
2023/3/17
    3 ᠰᠠᠷ᠎ᠠ ᠪᠣᠯᠬᠤ ᠳᠤ᠂ ᠠᠭᠤᠷ ᠠᠮᠢᠰᠬᠤᠯ ᠳᠤᠯᠠᠭᠠᠷᠠᠵᠤ᠂ ᠥᠪᠥᠷ ᠮᠣᠩᠭᠤᠯ ᠤᠨ ᠣᠯᠠᠨ ᠭᠠᠵᠠᠷ ᠤᠨ ᠬᠢᠨ ᠤᠮᠠᠷᠠᠰᠢ ᠪᠤᠴᠠᠬᠤ ᠨᠡᠭᠦᠳᠡᠯ ᠤᠨ ᠰᠢᠪᠠᠭᠤᠳ ᠢ ᠤᠭᠲᠤᠨ ᠠᠪᠴᠢᠷᠠᠯ᠎ᠠ᠃ ᠬᠥᠬᠡᠬᠤᠲᠠ ᠶᠢᠨ ᠱᠢ ᠷᠧᠨ ᠸᠠᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠤ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ 2 ᠠᠯ ᠰᠡᠭᠦᠯ ᠢ ᠤᠭᠲᠤᠨ ᠠᠪᠤᠯ᠎ᠠ᠂ ᠠᠯ ᠰᠡᠭᠦᠯ ᠤᠨ ᠪᠡᠶ᠎ᠡ ᠭᠠᠯᠪᠢᠷ ᠨᠢ ᠬᠡᠭᠡᠨᠴᠢᠷ ᠰᠠᠶᠢᠬᠠᠨ᠂ ᠭᠤᠸᠠᠯᠢᠭ᠂ ᠤᠷᠳᠤ ᠬᠥᠯ ᠢᠶᠠᠷ ᠢᠶᠠᠨ ᠠᠭᠠᠵᠢᠮ ᠰᠡᠯᠡᠭᠦᠣ ᠠᠯᠬᠤᠯᠠᠵᠣ ᠪᠠᠶᠢᠯ᠎ᠠ᠃ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠬᠠᠯᠢᠭᠤᠲᠣ ᠤᠰᠤᠨ ᠴᠥᠭᠦᠷᠥᠮ ᠳᠤ᠂ ᠶᠡᠭᠡ ᠬᠡᠮᠵᠢᠶᠡᠨ ᠤ ᠬᠤᠨ ᠭᠠᠯᠠᠭᠤ᠂ ᠠᠩᠭᠢᠷ ᠰᠢᠪᠠᠭᠤ᠂ ᠬᠡᠭᠡᠷ᠎ᠡ ᠶᠢᠨ ᠨᠤᠭᠤᠰᠤ᠂ ᠬᠠᠯᠢᠭᠤᠨ ᠭᠠᠯᠠᠭᠤ ᠪᠦᠯᠦᠭ ᠪᠦᠯᠦᠭ ᠢᠶᠠᠷ ᠨᠡᠭᠦᠳᠡᠯᠯᠡᠨ ᠢᠷᠡᠪᠡ᠃ ᠡᠭᠦᠨ ᠤ ᠳᠣᠲᠣᠷ᠎ᠠ ᠪᠠᠰᠠ ︽ᠠᠭᠠᠷ ᠤᠨ ᠪᠠᠷᠰ︾ ᠬᠡᠮᠡᠭᠳᠡᠭᠰᠡᠨ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠴᠠᠭᠠᠨ ᠰᠡᠭᠦᠯᠲᠦ ᠵᠠᠭᠠᠯᠢ ᠶᠢ ᠠᠵᠢᠭᠯᠠᠵᠤ ᠣᠯᠤᠭᠰᠠᠨ ᠪᠠᠶᠢᠨ᠎ᠠ᠃ ᠲᠥᠷᠥᠯ  ᠵᠦᠶᠯ ᠣᠯᠠᠨᠲᠠᠶ ᠨᠡᠭᠦᠳᠡᠯ ᠤᠨ ᠰᠢᠪᠠᠭᠤ ᠨᠢ ᠬᠠᠪᠤᠷ ᠤᠨ ᠤᠰᠤᠨ ᠴᠥᠭᠦᠷᠥᠮ ᠳᠤ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠬᠠᠲᠤᠨ ᠭᠤᠣᠯ ᠪᠣᠯᠤᠨ ᠲᠠᠯᠠᠨ ᠬᠠᠷ᠎ᠠ  ᠶᠢ ᠲᠠᠭᠠᠨ ᠪᠠᠷᠠᠭᠤᠨᠰᠢ ᠪᠠᠨ ᠤᠷᠳᠤᠰ ᠬᠤᠳᠠ ᠶᠢᠨ ᠳᠠᠯᠠᠳ ᠬᠤᠰᠢᠭᠤᠨ ᠤ ᠬᠠᠳᠤᠨ ᠭᠤᠣᠯ ᠳᠠᠭᠠᠤ ᠶᠢᠨ ᠨᠤᠭᠤ ᠭᠠᠵᠠᠷ ᠲᠤ ᠨᠡᠭᠦᠳᠡᠯ ᠤᠨ ᠰᠢᠪᠠᠭᠤᠳ ᠤᠨ ᠶᠡᠭᠡ ᠴᠡᠷᠢᠭ ᠵᠠᠯᠭᠠᠪᠡᠷ ᠬᠦᠷᠴᠦ ᠢᠷᠡᠵᠦ᠂ ᠮᠢᠩᠭ᠎ᠠ ᠢᠯᠡᠭᠦᠦ ᠡᠯ᠎ᠡ ᠲᠦᠷᠦᠯ ᠤᠨ ᠨᠡᠭᠦᠳᠡᠯ ᠤᠨ ᠰᠢᠪᠠᠭᠤᠳ ᠲᠠᠪᠤ ᠭᠤᠷᠪᠠ ᠪᠠᠷ ᠰᠦᠷᠦᠭᠯᠡᠨ ᠨᠢᠰᠴᠦ᠂ ᠠᠮᠢ ᠠᠬᠤᠢ ᠶᠢᠨ ᠭᠤᠶᠢᠳᠠ ᠰᠠᠶᠢᠬᠠᠨ ᠵᠢᠷᠤᠭ ᠠᠳᠡ ᠠᠯᠭᠤᠷᠬᠠᠨ ᠳᠡᠯᠭᠡᠭᠳᠡᠨ᠎ᠡ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠳᠤ ᠡᠯ᠎ᠡ  ᠵᠦᠶᠯ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠪᠣᠯᠬᠤ ᠪᠦᠷᠢ  ᠤᠯᠠᠮ ᠠᠴᠠ ᠤᠯᠠᠮ ᠣᠯᠠᠨ ᠨᠠᠭᠤᠷ ᠴᠥᠭᠦᠷᠥᠮ ᠨᠤᠭᠤ ᠭᠠᠵᠠᠷ ᠨᠢ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠥᠷᠲᠡᠭᠡ ᠪᠣᠯᠤᠭᠰᠠᠨ ᠪᠠᠶᠢᠨ᠎ᠠ᠃  
 
ᠢᠷᠡᠯᠲᠡ᠄ ᠲᠦᠪ ᠤᠨ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠰᠢᠯᠵᠢᠶ᠎ᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号