ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠡᠢ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2023/3/7
          3 ᠰᠠᠷ᠎ᠠ ᠶᠢᠨ 5 ᠤ ᠦᠳᠡ ᠶᠢᠨ ᠬᠤᠶᠢᠨ᠎ᠠ᠂ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠭᠦ ᠳᠤ ᠣᠷᠣᠯᠴᠠᠬᠰᠠᠨ ᠪᠥᠭᠡᠳ ᠦᠭᠡ ᠬᠡᠯᠡᠵᠡᠢ᠃ ᠵᠠᠩ ᠶᠠᠨ ᠺᠦᠨ ᠦᠭᠡ ᠭᠡᠯᠡᠭᠦ ᠳᠡᠭᠡᠨ᠂ ᠲᠡᠷᠢᠭᠦᠯᠡᠭᠴᠢ ᠸᠠᠩ ᠶᠠᠩ ᠤᠨ ᠬᠢᠭᠰᠡᠨ ᠮᠡᠳᠡᠭᠦᠯᠦᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠢᠶᠠᠨ ᠳ᠋ᠦᠩᠨᠡᠭᠰᠡᠨ ᠨᠢ ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠯ᠎ᠠ ᠪᠠᠷ ᠴᠢᠭᠯᠡᠯ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠠᠵᠢᠯ ᠤᠨ ᠰᠠᠨᠠᠭᠤᠯᠭ᠎ᠠ ᠨᠢ ᠬᠠᠷᠠᠯᠲᠠ ᠲᠣᠳᠣᠷᠬᠠᠢ᠂ ᠭᠤᠣᠯᠳᠠᠯᠭ᠎ᠠ ᠲᠣᠪᠤᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠤᠨ ᠰᠡᠳᠬᠢᠯ ᠢ ᠤᠷᠮᠠᠰᠢᠭᠤᠯᠤᠨ ᠬᠥᠭᠵᠢᠭᠡᠭᠰᠡᠨ ᠰᠠᠶᠢᠨ ᠮᠡᠳᠡᠭᠦᠯᠦᠯᠲᠡ ᠪᠣᠯᠵᠠᠢ ᠭᠡᠵᠡᠢ᠃ ᠵᠠᠩ ᠶᠠᠨ ᠺᠦᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠣᠨᠣᠯ᠂ ᠳᠦᠷᠢᠮ᠂ ᠦᠢᠯᠡᠳᠦᠯᠭᠡ ᠶᠢᠨ ᠴᠢᠬᠤᠯᠠ ᠦᠷ᠎ᠡ ᠪᠦᠲᠦᠭᠡᠯ ᠣᠯᠵᠤ᠂ ᠣᠷᠣᠨ ᠨᠤᠲᠤᠭ ᠤᠨ ᠤᠯᠤᠰ ᠲᠥᠷᠥ ᠶᠢᠨ ᠵᠥᠪᠯᠡᠯᠭᠡᠨ ᠳᠤ ᠪᠠᠷᠢᠮᠵᠢᠶ᠎ᠠ ᠲᠣᠭᠲᠠᠭᠠᠨ ᠥᠭᠴᠦ᠂ ᠥᠯᠢᠭᠡᠷ ᠳᠠᠭᠤᠷᠢᠶᠠᠯ ᠦᠵᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠯᠬᠤᠭ᠎ᠠ ᠶᠢ ᠪᠦᠭᠦ ᠲᠠᠯ᠎ᠠ ᠪᠠᠷ ᠳᠠᠭᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ᠂ ᠤᠯᠤᠰ ᠲᠥᠷᠥ ᠶᠢᠨ ᠵᠢᠯᠣᠭᠤᠳᠤᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ︔ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠲᠠᠪᠤᠨ ᠵᠢᠯ ᠤᠨ ᠠᠵᠢᠯ ᠤᠨ ᠲᠥᠯᠦᠪᠵᠢᠭᠦᠯᠭᠡ ᠶᠢ ᠲᠣᠬᠲᠠᠭᠠᠨ᠎ᠠ︔ ᠨᠠᠮ ᠵᠠᠰᠠᠭ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ᠂ ᠤᠯᠤᠰ ᠲᠥᠷᠥ ᠶᠢᠨ ᠵᠥᠪᠯᠡᠯᠭᠡᠨ ᠤ ᠴᠢᠳᠠᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠢ ᠨᠡᠮᠡᠷᠢᠯᠡᠬᠦ︾ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠡᠢ᠃ ᠭᠡᠰᠢᠭᠦᠳ ᠦᠭᠡ ᠭᠡᠯᠡᠭᠦ ᠳᠡᠭᠡᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠲᠥᠷᠥ ᠶᠢᠨ ᠪᠣᠳᠣᠯᠭ᠎ᠠ ᠶᠢᠨ ᠰᠠᠶᠢᠨ ᠤᠬᠠᠭᠤᠯᠤᠭᠴᠢ᠂ ᠦᠵᠡᠯ ᠰᠠᠨᠠᠭ᠎ᠠ ᠤᠯᠤᠰ ᠲᠥᠷᠥ ᠶᠢᠨ ᠰᠠᠶᠢᠨ ᠳᠠᠭᠠᠭᠤᠯᠤᠭᠴᠢ᠂ ᠡᠲᠡᠭᠡᠳ ᠢᠯᠭᠠᠯ ᠤᠨ ᠣᠯᠠᠨ ᠲᠦᠮᠡᠨ ᠤ ᠳᠣᠲᠣᠨᠣ ᠬᠥᠮᠥᠨ ᠪᠣᠯᠵᠤ᠂ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠣᠳᠣᠯᠭ᠎ᠠ ᠭᠠᠷᠭᠠᠵᠤ᠂ ᠦᠨᠡᠨ ᠪᠣᠳᠠᠲᠠᠢ ᠠᠷᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠡᠯ᠎ᠡ ᠳᠤᠭᠤᠶᠢᠯᠠᠩ ᠤᠨ ᠬᠢᠨᠠᠨ ᠵᠥᠪᠯᠡᠭᠦ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号