ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠵᠦ ᠸᠠᠩ ᠯᠢ ᠰᠢᠶᠠ ᠬᠢᠨᠠᠨ ᠵᠥᠪᠯᠡᠭᠦ ᠳᠤ ᠣᠷᠣᠯᠴᠠᠪᠠ
ᠨᠡᠶᠢᠲᠡᠯᠡᠭᠰᠡᠨ ᠴᠠᠭ᠄
2023/3/7
           3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠵᠦ᠂ ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ ᠵᠥᠪᠯᠡᠭᠦ ᠳᠤ ᠣᠷᠣᠯᠴᠠᠪᠠ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠰᠠᠨᠠᠯ ᠢ ᠰᠣᠨᠣᠰᠴᠠᠢ᠃           ᠰᠦᠨ ᠱᠤᠤ ᠴᠧᠩ ᠲᠥᠯᠥᠭᠡᠯᠡᠭᠴᠢ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠦᠭᠦ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠵᠦ᠂ ᠠᠷᠠᠳ ᠤᠯᠠᠨ ᠤ ᠵᠠᠰᠠᠭ ᠤᠨ ᠣᠷᠳᠣᠨ ᠤ ᠠᠵᠢᠯ ᠤᠨ ᠲᠤᠬᠠᠢ ᠬᠦᠰᠡᠯ ᠡᠷᠡᠮᠡᠯᠵᠡᠯ ᠪᠣᠯᠣᠨ ᠠᠩᠬᠠᠷᠤᠯ ᠬᠠᠯᠠᠮᠵᠢᠯᠠᠯ ᠳᠤ ᠢᠳᠡᠪᠬᠢᠲᠡᠢ ᠬᠠᠷᠢᠭᠤᠯᠲᠠ ᠥᠭᠴᠦ᠂ ᠲᠤᠬ ᠢ ᠥᠨᠳᠥᠷ ᠮᠠᠨᠳᠤᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠢᠲᠡᠭᠡᠯ ᠵᠣᠷᠢᠭ ᠢ ᠬᠥᠪᠴᠢᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠢᠯᠡᠳᠬᠡᠯ ᠢ ᠰᠤᠷᠤᠯᠴᠠᠭᠠᠳ ᠭᠤᠷᠪᠠᠨ ᠲᠠᠯ᠎ᠠ ᠪᠠᠷ ᠨᠡᠯᠢᠶᠡᠳ ᠭᠦᠨ ᠲᠥᠷᠥᠭᠳᠡᠯ ᠲᠠᠢ ᠪᠣᠯᠵᠠᠢ᠄ ᠨᠢᠭᠡ ᠳᠤ ᠮᠠᠨ ᠤ ᠤᠯᠤᠰ ᠤᠨ ᠬᠥᠭᠵᠢᠯᠲᠡ ᠪᠠᠷᠲᠠᠭ᠎ᠠ ᠲᠠᠪᠠᠨ ᠠᠶᠤᠯ ᠲᠦᠭᠰᠢᠭᠦᠷᠢ ᠶᠢ ᠲᠤᠭᠤᠯᠬᠤ ᠳᠤᠮᠳᠠ ᠨᠡᠩ ᠥᠨᠳᠥᠷ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠠᠢ᠂ ᠬᠤᠶᠠᠷ ᠲᠤ ᠮᠠᠨ ᠤ ᠤᠯᠤᠰ ᠤᠨ ᠠᠵᠤ ᠠᠬᠤᠢ ᠪᠠᠶᠢᠷᠢᠰᠢᠯ ᠢ ᠲᠠᠭᠢᠨ ᠴᠣᠭᠴᠠᠯᠠᠬᠤ ᠳᠤᠮᠳᠠ ᠨᠡᠩ ᠶᠡᠭᠡ ᠰᠢᠨ᠎ᠡ ᠬᠥᠭᠵᠢᠯᠲᠡ ᠶᠢᠨ ᠳᠠᠪᠠᠭᠤᠯᠢᠭ ᠢ ᠪᠤᠢ ᠪᠣᠯᠭᠠᠵᠠᠢ᠂ ᠭᠤᠷᠪᠠ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠯᠠᠯᠲᠠ ᠶᠢᠨ ᠠᠯᠬᠤᠭ᠎ᠠ ᠨᠡᠩ ᠢᠳᠡ ᠬᠦᠴᠦᠲᠡᠢ ᠪᠣᠯᠪᠠ᠃ ᠥᠩᠭᠡᠷᠡᠭᠰᠡᠨ ᠢᠶᠠᠨ ᠡᠷᠭᠢᠴᠡᠭᠦᠯᠵᠦ᠂ ᠢᠷᠡᠭᠡᠳᠦᠢ ᠪᠠᠨ ᠪᠠᠷᠠᠯᠠᠬᠤᠶ᠎ᠠ᠂ ︽ᠬᠤᠶᠠᠷ ᠢ ᠲᠣᠭᠲᠠᠭᠠᠭᠰᠠᠨ︾ ᠪᠣᠯ ᠪᠢᠳᠡᠨ ᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠬᠠᠮᠤᠭ ᠤᠨ ᠬᠦᠴᠦᠷᠬᠡᠭ ᠶᠡᠭᠡ ᠲᠤᠯᠭᠠᠭᠤᠷᠢ᠂ ᠬᠠᠮᠤᠭ ᠤᠨ ᠨᠠᠶᠢᠳᠠᠪᠤᠷᠢᠲᠠᠢ ᠲᠦᠰᠢᠭ᠂ ᠬᠠᠮᠤᠭ ᠤᠨ ᠦᠨᠳᠦᠰᠦᠨ ᠨᠠᠶᠢᠳᠠᠪᠤᠷᠢ ᠪᠤᠯᠬᠤ ᠶᠢ ᠴᠢᠩ ᠰᠡᠳᠬᠢᠯ ᠠᠴᠠ ᠪᠠᠨ ᠮᠡᠳᠡᠷᠡᠵᠦ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ᠂ ᠳᠣᠣᠷᠠᠬᠢ ᠬᠤᠶᠠᠷ ᠶᠠᠪᠤᠳᠠᠯ ᠢ ᠰᠠᠶᠢᠲᠤᠷ ᠬᠢᠬᠦ ᠨᠢ ᠥᠪᠥᠷ ᠮᠣᠩᠭᠤᠯ ᠳᠤ ᠠᠪᠴᠤ ᠬᠡᠯᠡᠪᠡᠯ ᠬᠠᠮᠤᠭ ᠤᠨ ᠴᠢᠬᠤᠯᠠ ᠪᠣᠯᠣᠨ᠎ᠠ᠄ ᠨᠢᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︔ ᠨᠥᠭᠦᠭᠡ ᠨᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠵᠢᠯᠤᠭᠤᠳᠴᠤ ᠦᠨᠡᠨ ᠰᠡᠳᠬᠢᠯ ᠠᠴᠠ ᠪᠠᠨ ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠵᠢᠱᠢᠶᠡᠴᠢ ᠶᠢ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠢᠯᠡᠷᠡᠭᠦᠯᠦᠨ᠎ᠡ ᠭᠡᠵᠦ ᠬᠡᠯᠡᠪᠡ᠃ ᠲᠠᠩ ᠴᠤᠤ᠂ ᠶᠠᠩ ᠶᠢᠨ᠂ ᠸᠠᠩ ᠸᠠᠩ ᠱᠧᠩ᠂ ᠱᠢ ᠢᠦᠢ ᠳ᠋ᠦᠩ᠂ ᠾᠧ ᠬᠠᠢ ᠳ᠋ᠦᠩ᠂ ᠸᠠᠩ ᡁᠢ ᠫᠢᠩ᠂ ᠵᠢᠦᠢ ᠱᠣ᠋ ᠸᠧᠨ᠂ ᠤᠣ ᠬᠤᠶ ᠷᠠᠨ᠂ ᠭᠦᠸᠧ ᠢᠦᠢ ᠹᠧᠩ᠂ ᠮᠧᠩ ᠹᠠᠨ ᠶᠢᠩ᠂ ᠴᠧᠨ ᠠᠢ ᠰᠢᠤᠸᠠᠢ ᠵᠡᠷᠭᠡ ᠲᠥᠯᠥᠭᠡᠯᠡᠭᠴᠢ ᠬᠢᠨᠠᠨ ᠵᠥᠪᠯᠡᠭᠦ ᠦᠭᠡ ᠬᠡᠯᠡᠵᠦ᠂ ᠣᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠬᠤ᠂ ᠦᠨᠳᠦᠰᠦᠲᠡᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号