ᠲᠦᠮᠡᠳ ᠵᠡᠭᠦᠨ ᠬᠤᠰᠢᠭᠤᠨ ᠤ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/17
        ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠡᠪᠡᠷ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠲᠦᠮᠡᠳ ᠵᠡᠭᠦᠨ ᠬᠤᠰᠢᠭᠤᠨ ᠤ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠵᠢᠴᠢ ︽ᠰᠦᠯᠵᠢᠶᠡᠨ ᠤ ᠪᠣᠯᠪᠠᠰᠤᠨ ᠢ ᠪᠠᠶᠢᠭᠤᠯᠭ᠎ᠠ ᠳᠤ ᠣᠷᠣᠭᠤᠯᠬᠤ︾ ᠠᠵᠢᠯᠯᠠᠭ᠎ᠠ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠲᠥᠪ ᠲᠤ ᠶᠠᠪᠤᠭᠳᠠᠪᠠ᠃        ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠲᠤᠰᠬᠠᠢ ᠮᠡᠷᠭᠡᠵᠢᠯᠲᠡᠨ ᠯᠧᠺᠲ᠋ᠣᠷ ᠢ ᠤᠷᠢᠵᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠢᠨᠲ᠋ᠧᠷ ᠰᠦᠯᠵᠢᠶᠡᠨ ᠤ ᠤᠬᠠᠭᠤᠯᠭ᠎ᠠ ᠶᠢᠨ ᠠᠵᠢᠯ ᠤᠨ ᠲᠤᠬᠠᠶ ᠲᠠᠶᠢᠯᠤᠮᠵᠢ ᠶᠢ ᠥᠷᠨᠢᠭᠦᠯᠪᠡ᠃    ᠳᠠᠷᠠᠭ᠎ᠠ ᠨᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ  ᠹᠢᠯᠢᠮ ᠦᠵᠡᠪᠡ᠃   ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠷᠭᠡᠨ ᠰᠢᠢᠳᠪᠦᠷᠢᠯᠡᠵᠦ᠂ ᠮᠠᠨ ᠤ ᠬᠤᠰᠢᠭᠤᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠴᠢᠳᠠᠪᠤᠷᠢ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ︔ ᠵᠢᠯᠤᠭᠤᠳᠤᠯᠭ᠎ᠠ ᠶᠢ ᠳᠠᠭᠠᠵᠤ᠂ ᠬᠦᠴᠦᠨ ᠢᠶᠠᠨ ᠥᠷᠭᠡᠳᠬᠡᠵᠦ᠂ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠠᠬᠢᠭᠤᠯᠵᠤ᠂ ᠲᠤᠰ ᠨᠢᠭᠡᠴᠡ ᠶᠢᠨ ᠢᠶᠠᠨ ᠰᠦᠯᠵᠢᠶᠡᠨ ᠤ ᠤᠬᠠᠭᠤᠯᠤᠭᠴᠢ ᠶᠢᠨ ᠡᠩᠨᠡᠭᠡ ᠶᠢ ᠥᠷᠭᠡᠳᠬᠡᠵᠦ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠦᠷ ᠬᠦᠴᠦᠨ ᠢᠶᠠᠨ ᠥᠷᠭᠡᠳᠬᠡᠵᠦ᠂ ᠰᠦᠯᠵᠢᠶᠡᠨ ᠤ ᠣᠷᠣᠨ ᠵᠠᠢ ᠶᠢᠨ ᠡᠶ᠎ᠡ ᠵᠣᠬᠢᠴᠠᠩᠭᠤᠢ ᠪᠤᠰᠤ ᠬᠦᠴᠦᠨ ᠵᠦᠢᠯ ᠢ ᠪᠠᠭᠠᠰᠬᠠᠨ᠂ ᠴᠡᠪᠡᠷ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃         ᠴᠡᠯᠡᠭᠡᠷ ᠲᠠᠯ᠎ᠠ  ᠰᠥᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠢᠶᠠᠩ ᠪᠠᠯᠭᠠᠰᠤ  ᠲᠥᠪ ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ ᠰᠦᠯᠵᠢᠶᠡᠨ ᠤ ᠤᠬᠠᠭᠤᠯᠤᠭᠴᠢ ᠨᠠᠷ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号