ᠲᠦᠮᠡᠳ ᠵᠡᠭᠦᠨ ᠬᠤᠰᠢᠭᠤᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/18
       4 ᠰᠠᠷ᠎ᠠ ᠶᠢᠨ 17 ᠤ ᠡᠳᠦᠷ᠂ ᠲᠦᠮᠡᠳ ᠵᠡᠭᠦᠨ ᠬᠤᠰᠢᠭᠤᠨ ᠤ 2023 ᠣᠨ ᠤ ᠪᠥᠬᠦ ᠬᠤᠰᠢᠭᠤᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠲᠥᠪ ᠲᠤ ᠬᠤᠷᠠᠯᠳᠤᠪᠠ᠃       ᠬᠤᠷᠠᠯ ᠠᠴᠠ ᠮᠠᠨ ᠤ ᠬᠤᠰᠢᠭᠤᠨ ᠤ 2022 ᠣᠨ ᠤ  ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠡᠷᠭᠢᠴᠡᠭᠦᠯᠵᠦ᠂ 2023 ᠣᠨ ᠤ  ᠤᠬᠠᠭᠤᠯᠭ᠎ᠠ ᠦᠵᠡᠯ ᠰᠠᠨᠠᠭᠠᠨ ᠤ ᠠᠵᠢᠯ ᠢ ᠪᠠᠶᠢᠷᠢᠯᠠᠭᠤᠯᠪᠠ᠃ ᠪᠢᠴᠢᠭᠡᠴᠢ ᠪᠠᠯᠭᠠᠰᠤ᠂ ᠬᠤᠰᠢᠭᠤᠨ ᠤ ᠰᠣᠶᠣᠯ ᠪᠡᠶ᠎ᠡ  ᠲᠠᠮᠢᠷ ᠵ‍‌ᠵᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ  ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃       ᠬᠤᠷᠠᠯ ᠠᠴᠠ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠤᠯᠤᠰ ᠲᠦᠷᠦ ᠦᠵᠡᠯ ᠰᠠᠨᠠᠭᠠᠨ ᠤ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠪᠠᠶᠢᠳᠠᠯ ᠳᠣᠣᠷᠠᠬᠢ‌ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠪᠣᠯᠤᠨ ᠡᠭᠦᠷᠭᠡ ᠪᠠᠨ ᠨᠡᠩ ᠰᠠᠶᠢᠲᠤᠷ ᠡᠭᠦᠷᠭᠡᠯᠡᠬᠦ ᠬᠡᠷᠡᠭᠲᠡᠢ︔ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠡᠨᠡ ᠵᠢᠯ ᠤᠨ  ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠡᠷᠬᠡ ᠰᠦᠷᠲᠦ ᠴᠢᠨᠠᠷ᠂ ᠲᠤᠰᠬᠠᠢ ᠮᠡᠷᠭᠡᠵᠢᠯ ᠤᠨ ᠴᠢᠨᠠᠷ᠂ ᠬᠡᠷᠡᠭᠯᠡᠭᠡᠨ ᠤ ᠴᠢᠨᠠᠷ ᠢ ᠲᠤᠪᠤᠶᠢᠯᠭᠠᠵᠦ᠂ ᠤᠶᠠᠯᠳᠤᠭᠤᠯᠬᠤ ᠰᠤᠷᠤᠯᠴᠠᠯᠭ᠎ᠠ᠂ ᠳᠠᠭᠠᠵᠤ ᠰᠤᠷᠤᠯᠴᠠᠬᠤ ᠰᠤᠷᠤᠯᠴᠠᠯᠭ᠎ᠠ᠂ ᠰᠡᠳᠦᠪ ᠳᠤᠷᠠᠳᠬᠤ ᠰᠤᠷᠤᠯᠴᠠᠯᠭ᠎ᠠ᠂ ᠬᠠᠪᠰᠤᠷᠤᠨ ᠵᠢᠯᠣᠭᠤᠳᠬᠤ ᠰᠤᠷᠤᠯᠴᠠᠯᠭ᠎ᠠ᠂ ᠭᠦᠨ ᠰᠤᠷᠤᠯᠴᠠᠯᠭ᠎ᠠ᠂ ᠲᠤᠬᠠᠢ ᠶᠢᠨ ᠲᠠᠯᠠᠪᠤᠷ ᠤᠨ ᠰᠤᠷᠤᠯᠴᠠᠯᠭ᠎ᠠ ᠵᠡᠷᠭᠡ ᠵᠢᠷᠭᠤᠭᠠᠨ ᠵᠦᠢᠯ ᠤᠨ ᠬᠡᠯᠪᠡᠷᠢ ᠶᠢ ᠰᠠᠶᠢᠲᠤᠷ ᠬᠡᠷᠡᠭᠯᠡᠵᠦ᠂ ᠰᠤᠳᠤᠯᠭᠠᠨ ᠤ ᠬᠡᠯᠪᠡᠷᠢ᠂ ᠶᠠᠷᠢᠯᠴᠠᠭᠠᠨ ᠤ ᠬᠡᠯᠪᠡᠷᠢ᠂ ᠪᠡᠶ᠎ᠡ ᠪᠠᠷ ᠢᠶᠠᠨ ᠣᠶᠢᠯᠠᠭᠠᠬᠤ ᠬᠡᠯᠪᠡᠷᠢ ᠶᠢᠨ ᠰᠤᠷᠤᠯᠴᠠᠯᠭ᠎ᠠ ᠶᠢ ᠥᠷᠨᠢᠭᠦᠯᠬᠦ ᠬᠡᠷᠡᠭᠲᠡᠢ︔ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠯᠭᠠᠵᠦ᠂  ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠨᠠᠮ ᠤᠨ ᠪᠠᠶᠢᠭᠤᠯᠤᠯᠲᠠ ᠪᠣᠯᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠳᠠᠭᠤᠷᠢᠶᠠᠯ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠡᠩᠨᠡᠭᠡ ᠪᠠᠨ‌‍ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠪᠦᠬᠦ ᠬᠤᠰᠢᠭᠤᠨ ᠤ  ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃        ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠠᠷᠢᠭᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠴᠡᠯᠡᠭᠡᠷ ᠲᠠᠯ᠎ᠠ ᠰᠥᠨ ᠦᠢᠯᠡᠰ ᠤᠨ ᠨᠡᠭᠡᠭᠡᠯᠲᠡ  ᠶᠢᠨ ᠲᠣᠭᠤᠷᠢᠭ᠂ ᠡᠯ᠎ᠡ ᠰᠢᠶᠠᠩ ᠪᠠᠯᠭᠠᠰᠤ ᠲᠥᠪ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ  ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ 
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号