ᠲᠦᠮᠡᠳ ᠵᠡᠭᠦᠨ ᠬᠤᠰᠢᠭᠤ᠄ ᠮᠠᠯᠵᠢᠯ ᠤᠨ ᠲᠠᠯᠠᠪᠠᠶ ᠶᠢᠨ ᠲᠥᠷᠥᠯ ᠵᠦᠶᠯ ᠤᠨ ᠲᠦᠷᠭᠡᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2023/4/18
       4 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ   ᠳᠡᠳ᠋ ᠱᠦᠵᠢ᠂ ᠬᠤᠰᠢᠭᠤᠨ ᠳᠠᠷᠤᠭ᠎ᠠ ᠵᠤᠤ ᠯᠢ ᠮᠢᠨ ᠲᠦᠮᠡᠳ ᠵᠡᠭᠦᠨ ᠬᠤᠰᠢᠭᠤᠨ ᠤ ᠪᠠᠶ ᠮᠢᠶᠣᠣ ᠽᠢ ᠪᠠᠯᠭᠠᠰᠤᠨ ᠤ ᠶᠧᠤ ᠷᠠᠨ ᠮᠠᠯ ᠠᠵᠤ ᠠᠬᠤᠶ ᠶᠢᠨ ᠰᠠᠶᠢᠷᠳᠤ ᠠᠶᠢᠯ ᠤᠨ ᠮᠠᠯᠵᠢᠯ ᠤᠨ ᠲᠠᠯᠠᠪᠠᠶ ᠳᠤ ᠬᠦᠷᠴᠦ᠂  ᠮᠠᠯᠵᠢᠯ ᠤᠨ ᠲᠠᠯᠠᠪᠠᠶ ᠳᠤ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ᠂ ᠵᠠᠮ ᠨᠡᠪᠲᠡᠷᠡᠭᠦᠯᠬᠦ ᠠᠵᠢᠯ ᠢ ᠳᠥᠯᠭᠢᠨ ᠠᠬᠢᠭᠤᠯᠵᠤ᠂ ᠲᠤᠬᠠᠶ ᠶᠢᠨ ᠲᠠᠯᠠᠪᠤᠷ ᠲᠤ ᠠᠰᠠᠭᠤᠳᠠᠯ ᠢ ᠰᠢᠢᠳᠪᠦᠷᠢᠯᠡᠪᠡ᠃       ᠠᠵᠢᠯᠯᠠᠬᠤ ᠳᠤᠭᠤᠶᠢᠯᠠᠩ ᠤᠨ ᠬᠢᠨ ᠮᠠᠯᠵᠢᠯ ᠤᠨ ᠲᠠᠯᠠᠪᠠᠶ ᠶᠢᠨ ᠦᠬᠡᠷ ᠤᠨ ᠬᠠᠰᠢᠶ᠎ᠠ ᠶᠢᠨ ᠲᠦᠷ ᠴᠠᠭ ᠤᠨ ᠤᠰᠤ ᠨᠡᠪᠲᠡᠷᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶ ᠪᠣᠯᠭᠠᠵᠤ᠂ ᠰᠠᠶᠢᠷᠳᠤ ᠠᠶᠢᠯ ᠤᠨ ᠮᠠᠯᠵᠢᠯ ᠤᠨ ᠲᠠᠯᠠᠪᠠᠶ ᠶᠢᠨ ᠲᠦᠷ ᠴᠠᠭ ᠤᠨ ᠤᠰᠤ ᠬᠠᠩᠭᠠᠬᠤ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠵᠢᠩᠬᠢᠨᠢ ᠤᠰᠤᠨ ᠤ ᠬᠠᠩᠭᠠᠯᠲᠠ ᠶᠢ ᠲᠣᠭᠲᠠᠭᠰᠠᠨ ᠬᠤᠭᠤᠴᠠᠭᠠᠨ ᠳᠤ ᠪᠠᠲᠤᠯᠠᠭ᠎ᠠ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠶ᠃       ᠡᠭᠦᠨ ᠤ ᠵᠡᠷᠭᠡ ᠳᠤ ᠠᠵᠢᠯᠯᠠᠬᠤ ᠳᠤᠭᠤᠶᠢᠯᠠᠩ ᠪᠠᠰᠠ ᠮᠠᠯᠵᠢᠯ ᠤᠨ ᠲᠠᠯᠠᠪᠠᠶ ᠶᠢᠨ ᠴᠠᠬᠢᠯᠭᠠᠨ ᠨᠡᠪᠲᠡᠷᠡᠬᠦ᠂ ᠵᠠᠮ ᠨᠡᠪᠲᠡᠷᠡᠬᠦ  ᠵᠡᠷᠭᠡ ᠶᠢᠨ ᠪᠠᠷᠢᠯᠭ᠎ᠠ ᠶᠢᠨ ᠪᠠᠶᠢᠳᠠᠯ ᠢ ᠲᠤᠬᠠᠶ ᠶᠢᠨ ᠲᠠᠯᠠᠪᠠᠶ ᠳᠤ ᠲᠣᠬᠢᠷᠠᠭᠤᠯᠵᠤ᠂ ᠪᠠᠷᠢᠯᠭ᠎ᠠ ᠶᠢᠨ ᠨᠢᠭᠡᠴᠡ ᠶᠢ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠢᠶᠠᠨ ᠲᠦᠷᠭᠡᠬᠡᠨ ᠳᠠᠭᠤᠰᠬᠠᠵᠤ᠂ ᠬᠠᠷᠢᠶ᠎ᠠ ᠭᠠᠵᠠᠷ ᠤᠨ ᠰᠢᠶᠠᠩ ᠪᠠᠯᠭᠠᠰᠤᠨ ᠠᠴᠠ ᠭᠠᠵᠠᠷ ᠰᠢᠷᠣᠶ ᠲᠠᠲᠠᠪᠤᠷᠢᠯᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ  ᠭᠡᠵᠤ   ᠱᠠᠭᠠᠷᠳᠠᠭᠰᠠᠨ  ᠪᠠᠶᠢᠨ᠎ᠡ᠃    
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号