ᠴᠠᠭᠠᠰᠤᠴᠢ ᠪᠠᠯᠭᠠᠰᠤ ᠬᠤᠷᠳᠤᠨ ᠤ ᠵᠠᠮ ᠤᠨ ᠨᠣᠭᠤᠭᠠᠷᠠᠭᠤᠯᠤᠯᠲᠠ ᠶᠢᠨ ᠲᠥᠷᠥᠯ ᠵᠦ‍‌ᠵᠯ ᠢ ᠲᠤᠬᠠᠶ ᠶᠢᠨ ᠭᠠᠵᠠᠷ ᠲᠤᠨᠢ ᠬᠦᠷᠴᠤ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2023/4/19
        4 ᠰᠠᠷ᠎ᠠ ᠶᠢᠨ 18 ᠤ ᠡᠳᠦᠷ᠂ ᠴᠠᠭᠠᠰᠤᠴᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠷᠧᠨ ᠸᠧᠶ ᠪᠡᠭᠡᠵᠢᠩ ᠲᠥᠪᠡᠳ ᠤᠨ ᠬᠤᠷᠳᠤᠨ ᠤ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠵᠦᠶᠯᠡᠰ ᠲᠤ ᠬᠤᠯᠪᠣᠭᠳᠠᠭᠰᠠᠨ ᠡᠯ᠎ᠡ ᠲᠣᠰᠬᠤᠨ ᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠭᠠᠵᠠᠷ ᠰᠢᠷᠣᠶ ᠶᠢᠨ ᠡᠷᠭᠢᠯᠲᠡ ᠶᠢᠨ ᠪᠠᠶᠢᠳᠠᠯ ᠵᠢᠴᠢ ᠨᠣᠭᠤᠭᠠᠷᠠᠭᠤᠯᠤᠯᠲᠠ ᠶᠢᠨ ᠣᠳᠣᠬᠢ ᠪᠠᠶᠢᠳᠠᠯ ᠢ ᠤᠯᠠᠮ ᠨᠢᠭᠡ ᠠᠯᠬᠤᠮ ᠬᠠᠷᠭᠤᠭᠤᠯᠤᠨ ᠳᠣᠲᠣᠯᠠᠪᠠ᠃ ᠪᠠᠯᠭᠠᠰᠤᠨ ᠤ ᠡᠵᠡᠩᠨᠡᠯᠲᠠ  ᠬᠠᠮᠢᠶᠠᠷᠤᠯᠲᠠ ᠶᠢᠨ ᠥᠷᠲᠡᠭᠡᠨ ᠤ ᠠᠵᠢᠯᠲᠠᠨ᠂ ᠲᠣᠰᠬᠤᠨ ᠤ ᠠᠷᠠᠳ ᠤᠨ ᠵᠥᠪᠯᠡᠯ ᠤᠨ  ᠭᠡᠰᠢᠭᠦᠳ‌ᠬᠤᠯᠪᠣᠭᠳᠠᠯ ᠪᠦᠬᠦᠢ ᠪᠠᠶᠢᠳᠠᠯ ᠳᠤ ᠲᠠᠶᠢᠯᠪᠤᠷᠢᠯᠠᠯᠲᠠ ᠬᠢᠵᠡᠶ᠃         ᠲᠤᠬᠠᠶ ᠶᠢᠨ ᠲᠠᠯᠠᠪᠤᠷ ᠲᠤ ᠣᠯᠵᠤ ᠦᠵᠡᠭᠰᠡᠨ ᠭᠠᠵᠠᠷ ᠪᠣᠯᠭᠠᠨ ᠳᠤ ᠬᠤᠭ ᠨᠣᠪᠰᠢ᠂ ᠳᠤᠷ᠎ᠠ ᠪᠠᠷ ᠢᠶᠠᠨ ᠪᠠᠷᠢᠵᠤ ᠪᠠᠷᠢᠬᠤ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠡᠪᠳᠡᠷᠬᠡᠶ ᠬᠡᠷᠡᠮ ᠂ ᠡᠪᠳᠡᠷᠬᠡᠶ ᠬᠠᠭᠤᠴᠢᠨ ᠪᠠᠷᠢᠯᠭ᠎ᠠ᠂ ᠡᠪᠳᠡᠷᠬᠡᠶ ᠵᠠᠷ ᠮᠡᠳᠡᠭᠡ᠂ ᠳᠤᠷ᠎ᠠ ᠪᠠᠷ ᠢᠶᠠᠨ ᠨᠠᠭᠠᠵᠤ ᠵᠢᠷᠤᠬᠤ ᠵᠡᠷᠭᠡ ᠠᠰᠠᠭᠤᠳᠠᠯ ᠳᠤ ᠴᠢᠭᠯᠡᠭᠦᠯᠦᠨ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠶᠢ ᠱᠠᠭᠠᠷᠳᠠᠵᠤ᠂ ᠬᠠᠷᠢᠭᠤᠴᠠᠯᠭᠠᠲᠤ ᠨᠢᠭᠡᠴᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠵᠠᠰᠠᠬᠤ ᠪᠠᠷᠢᠮᠵᠢᠶ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠳᠠᠷᠤᠶ ᠲᠦᠷᠭᠡᠨ ᠴᠡᠭᠴᠡᠯᠡᠨ ᠵᠠᠰᠠᠬᠤ ᠶᠢ ᠱᠠᠭᠠᠷᠳᠠᠵᠤ᠂ ᠵᠠᠮ ᠤᠨ ᠣᠷᠴᠢᠨ ᠲᠣᠭᠤᠷᠢᠨ ᠤ ᠶᠡᠭᠡ ᠬᠤᠪᠢᠷᠠᠯᠲᠠ ᠶᠢ ᠪᠡᠶᠡᠯᠡᠭᠦᠯᠬᠦ ᠬᠡᠷᠡᠭᠲᠡᠶ ᠭᠡᠵᠡᠶ᠃        ᠣᠶᠢᠷ᠎ᠠ ᠶᠢᠨ ᠵᠢᠯ ᠳᠤ᠂ ᠴᠠᠭᠠᠰᠤᠴᠢ ᠪᠠᠯᠭᠠᠰᠤ ᠪᠣᠬᠢᠷᠲᠤᠯ ᠦᠭᠡᠶ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳ᠋ᠨ᠋ᠠ ᠠᠭᠤᠯᠠ ᠮᠥᠩᠭᠦᠨ ᠠᠭᠤᠯᠠ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠲᠣᠭᠤᠷᠢᠨ ᠳᠤ᠂ ᠦᠵᠡᠰᠬᠦᠯᠡᠩᠲᠦ ᠰᠠᠶᠢᠬᠠᠨ ᠲᠠᠭᠠᠯᠠᠮᠵᠢᠲᠠᠶ᠂ ᠪᠣᠬᠢᠷᠲᠤᠯ ᠥᠬᠡᠶ ᠠᠮᠢ ᠠᠬᠤᠶ᠂ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠵᠠᠮ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠣᠯᠠᠨ ᠲᠦᠮᠠᠨ ᠤ ᠶᠠᠪᠤᠵᠤ ᠰᠠᠭᠤᠬᠤ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠮ ᠲᠡᠭᠡᠭᠡᠪᠦᠷᠢ ᠶᠢᠨ ᠪᠠᠲᠤᠯᠠᠭ᠎ᠠ ᠬᠠᠩᠭᠠᠵᠤ᠂ ᠠᠷᠠᠳ ᠣᠯᠠᠨ ᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠶᠠᠪᠤᠵᠤ ᠰᠠᠭᠤᠬᠤ ᠳᠤ ᠨᠠᠩ ᠣᠯᠠᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢᠲᠠᠶ ᠲᠥᠷᠥᠭᠳᠡᠯ ᠣᠯᠭᠤᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号