ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2023/4/20
       4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠰᠢᠨ ᠴᠦᠨ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ ᠰᠤᠷᠤᠯᠴᠠᠪᠠ᠃ ᠬᠤᠰᠢᠭᠤᠨ  ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ  ᠯᠧ ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠯᠢᠶᠠᠩ ᠬᠤᠸᠠᠢ ᠯᠢ ᠵᠢᠴᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠯᠦᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠣᠪᠣᠭ᠎ᠠ ᠴᠡᠴᠡᠷᠯᠢᠭ᠂ ᠯᠠᠮᠠ ᠶᠢᠨ ᠠᠭᠤᠶ ᠵᠣᠦ ᠶᠢᠨ ᠰᠢᠭᠤᠶᠢᠲᠤ ᠲᠣᠭᠤᠷᠢᠭ᠂ ᠠᠮᠢ ᠠᠬᠤᠶ ᠶᠢᠨ ᠵᠠᠮ ᠳᠠᠭᠠᠤ ᠲᠣᠭᠤᠷᠢᠭ ᠲᠤ ᠬᠦᠷᠴᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠵᠡᠭᠦᠨ ᠪᠠᠷᠠᠭᠤᠨ 68 ᠺᠢᠯᠣᠮᠧᠲᠷ ᠣᠷᠳᠣ ᠨᠣᠭᠤᠭᠠᠷᠠᠭᠤᠯᠤᠯᠲᠠ ᠶᠢᠨ ᠪᠠᠶᠢᠳᠠᠯ ᠵᠢᠴᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ᠂ ᠢᠷᠡᠭᠡᠳᠦᠶ ᠶᠢᠨ ᠲᠥᠯᠥᠪᠵᠢᠭᠦᠯᠭᠡ ᠪᠠ ᠮᠠᠨ ᠤ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠣᠶᠢᠯᠠᠭᠠᠪᠠ᠃       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠭᠡᠰᠢᠭᠦᠳ ᠮᠠᠨ ᠤ ᠬᠤᠰᠢᠭᠤᠨ ᠤ ᠠᠮᠢ ᠠᠬᠤᠶ ᠶᠢᠨ ᠵᠠᠰᠠᠯᠲᠠ ᠬᠠᠮᠠᠭᠠᠯᠠᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠵᠣᠬᠢᠴᠠᠩᠭᠤᠶ ᠬᠥᠭᠵᠢᠯᠲᠡ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠪᠠ ᠪᠡᠶᠡᠯᠡᠭᠦᠯᠬᠦ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠵᠦ ᠦᠵᠡᠵᠦ ᠪᠠᠶᠢᠨ᠎ᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠮᠠᠨ ᠤ ᠬᠤᠰᠢᠭᠤᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠠᠪᠠᠴᠢᠨ᠂ ᠪᠤᠭᠤᠲᠤ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠯᠠᠪᠯᠠᠯᠲᠠ ᠪᠠ ᠯᠠᠪᠯᠠᠯᠲᠠ ᠬᠠᠩᠭᠠᠨ᠎ᠠ᠃ ᠡᠭᠦᠨ ᠤ ᠬᠠᠮᠲᠤ᠂ ᠬᠤᠶᠢᠰᠢᠳᠠ ᠮᠠᠨ ᠤ ᠬᠤᠰᠢᠭᠤ ᠲᠠᠢ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠯᠴᠠᠨ ᠰᠤᠷᠤᠯᠴᠠᠵᠤ᠂ ᠬᠤᠶᠠᠷ ᠭᠠᠵᠠᠷ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠠᠢ᠃    
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号