ᠪᠡᠯᠡᠳᠬᠡᠴᠢᠬᠡᠪᠡ  ᠦᠦ︖ ᠲᠦᠮᠡᠳ ᠵᠡᠭᠦᠨ ᠬᠤᠰᠢᠭᠤᠨ ᠤ ᠪᠠᠶ ᠱᠢ ᠦᠵᠡᠮᠵᠢ ᠶᠢᠨ ᠣᠷᠣᠨ ᠲᠠᠨ ᠢ ᠬᠦᠯᠢᠶᠡᠵᠦ ᠪᠠᠢᠨ᠎ᠠ
ᠨᠡᠶᠢᠲᠡᠯᠡᠭᠰᠡᠨ ᠴᠠᠭ᠄
2023/5/15
        ︽ᠪᠠᠭ᠎ᠠ ᠶᠢᠨ ᠦᠶ᠎ᠡ ᠶᠢᠨ ᠳᠤᠷᠠᠰᠤᠮᠵᠢ  ᠲᠠᠪᠤ  ᠨᠢᠭᠡ  ᠤᠰᠤᠨ ᠴᠥᠭᠦᠷᠥᠮ ᠢ ᠲᠠ ᠪᠠᠰᠠ ᠴᠡᠭᠡᠵᠢᠯᠡᠵᠦ ᠪᠠᠶᠢᠨ᠎ᠠ  ᠦᠦ︖ ︾ 5 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠪᠠᠶ ᠱᠢ  ᠦᠵᠡᠮᠵᠢ ᠶᠢᠨ ᠣᠷᠣᠨ ᠳᠤ᠂ ︽5 · 19 ᠤ ᠳᠤᠮᠳᠠᠳᠤ ᠤᠯᠤᠰ ᠤᠨ  ᠵᠢᠭᠤᠯᠴᠢᠯᠠᠯ ᠤᠨ ᠡᠳᠦᠷ︾ ᠭᠡᠬᠦ ᠭᠤᠣᠯ ᠰᠡᠳᠦᠪᠲᠦ ᠰᠠᠷ᠎ᠠ ᠶᠢᠨ ᠤᠬᠠᠭᠤᠯᠭ᠎ᠠ ᠶᠢᠨ  ᠤᠷᠠᠨ ᠰᠠᠶᠢᠬᠠᠨ ᠤ ᠲᠣᠭᠯᠠᠯᠲᠠ ᠶᠢ ᠰᠢᠭᠤᠳ ᠨᠡᠪᠲᠡᠷᠡᠭᠦᠯᠵᠦ᠂ ᠥᠪᠥᠷ ᠮᠣᠩᠭᠤᠯ ᠤᠨ ᠵᠠᠮ ᠬᠠᠷᠢᠯᠴᠠᠭᠠᠨ ᠤ  ᠷᠠᠳᠢᠣ᠋ ᠠᠴᠠ ᠢᠷᠡᠭᠰᠡᠨ ᠪᠠᠭᠰᠢ ᠨᠠᠷ ᠪᠣᠯᠤᠨ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠱᠤᠭ ᠶᠦᠮᠦᠷᠯᠢᠭ ᠦᠭᠡ ᠶᠠᠷᠢᠶ᠎ᠠ ᠪᠤᠶᠤ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠪᠠᠶ ᠱᠢ ᠦᠵᠡᠮᠵᠢ ᠶᠢᠨ ᠣᠷᠣᠨ ᠤ ᠦᠵᠡᠰᠬᠦᠯᠡᠩᠲᠦ ᠰᠠᠶᠢᠬᠠᠨ ᠦᠵᠡᠮᠵᠢ ᠶᠢ ᠲᠠᠨᠢᠯᠴᠠᠭᠤᠯᠵᠤ ᠪᠠᠶᠢᠯ᠎ᠠ᠃         ᠪᠠᠶ ᠱᠢ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠬᠥᠬᠡᠬᠤᠲᠠ ᠠᠴᠠ ᠪᠠᠷᠠᠭᠤᠨᠰᠢᠬᠢ 20 ᠺᠢᠯᠣᠮᠧᠲᠷ ᠤᠨ  ᠲᠠᠪᠤ  ᠨᠢᠭᠡ ᠤᠰᠤᠨ ᠴᠥᠭᠦᠷᠥᠮ ᠤᠨ ᠳᠡᠭᠡᠳᠦ ᠤᠷᠤᠰᠬᠠᠯ ᠤᠨ ᠪᠠᠶ ᠱᠢ ᠳᠧᠦ ᠭᠤᠤ ᠳᠤ  ᠪᠠᠶᠢᠷᠢᠯᠠᠵᠤ᠂ ᠭᠦᠨ ᠳᠡᠭᠡᠨ 7 ᠺᠢᠯᠣᠮᠧᠲᠷ ᠪᠠᠶᠢᠵᠤ᠂ ᠲᠠᠯᠠᠪᠠᠶ ᠨᠢ 28 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ ᠣᠷᠣᠨ ᠤ ᠳᠣᠲᠣᠷᠠᠬᠢ ᠠᠭᠤᠯᠠ ᠨᠢᠷᠤᠭᠤ ᠥᠨᠳᠥᠷ ᠰᠦᠷᠯᠢᠭ᠂ ᠡᠪᠡᠰᠦ ᠮᠣᠳᠣ ᠢᠭᠴᠤ ᠰᠠᠬᠤᠯᠢᠭ᠂ ᠦᠵᠡᠮᠵᠢ ᠶᠢᠨ ᠣᠷᠣᠨ ᠳᠤ ᠶᠡᠭᠡ ᠬᠡᠪᠴᠢᠶᠡᠨ ᠤ ᠡᠭᠦᠰᠦᠮᠡᠯ ᠣᠶ᠂ ᠴᠠᠭᠠᠨ ᠬᠤᠰᠤᠨ ᠣᠶ᠂ ᠴᠠᠭᠠᠨ ᠤᠯᠢᠶᠠᠰᠤᠨ ᠤ ᠣᠶ᠂ ᠨᠠᠷᠠᠰᠤᠨ ᠣᠶ᠂ ᠵᠡᠷᠯᠢᠭ ᠠᠯᠢᠮ᠎ᠠ᠂ ᠵᠡᠷᠯᠢᠭ ᠬᠦᠢᠯᠡᠰᠦ ᠵᠡᠷᠭᠡ ᠬᠡᠭᠡᠷ᠎ᠡ ᠶᠢᠨ ᠵᠢᠮᠢᠰ  ᠣᠶ ᠮᠣᠳᠣ ᠪᠠᠶᠢᠳᠠᠭ᠃ ᠠᠭᠤᠯᠠᠨ ᠣᠶ ᠶᠢᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 73% ᠳᠤ ᠬᠦᠷᠴᠦ᠂ ᠠᠷᠤ ᠬᠥᠲᠥᠯ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 95% ᠳᠤ ᠬᠦᠷᠴᠦ᠂ ᠦᠵᠡᠮᠵᠢ ᠶᠢᠨ ᠣᠷᠣᠨ ᠳᠤ ᠬᠥᠬᠡ ᠬᠤᠨᠢ᠂ ᠪᠣᠷᠣ ᠭᠥᠷᠥᠭᠡᠰᠦ᠂ ᠪᠤᠭᠤ᠂ ᠬᠡᠭᠡᠷ᠎ᠡ ᠶᠢᠨ ᠲᠠᠤᠯᠠᠶ᠂ ᠬᠡᠷᠡᠮᠦ ᠂ ᠬᠠᠷᠴᠠᠭᠠᠶ᠂ ᠭᠤᠷᠭᠤᠤᠯ᠂ ᠢᠲᠠᠭᠤ ᠵᠡᠷᠭᠡ ᠣᠯᠠᠨ ᠵᠦᠢᠯ ᠤᠨ ᠬᠡᠭᠡᠷ᠎ᠡ ᠶᠢᠨ ᠠᠮᠢᠲᠠᠨ ᠪᠣᠶ᠃ ᠦᠵᠡᠮᠵᠢ ᠶᠢᠨ ᠣᠷᠣᠨ ᠤ ᠭᠦᠨ ᠳᠤ ᠠᠭᠤᠯᠠ ᠨᠢ ᠨᠤᠭᠤᠭᠠᠨ ᠤᠰᠤ ᠨᠢ ᠲᠤᠩᠭᠠᠯᠠᠭ ᠪᠠᠶᠢᠵᠤ᠂ ᠦᠵᠡᠮᠵᠢ ᠶᠢᠨ ᠣᠷᠣᠨ ᠤ ᠭᠤᠷᠤᠬ᠎ᠠ ᠶᠢᠨ ᠤᠰᠤ ᠲᠠᠰᠤᠷᠠᠯᠲᠠ ᠥᠬᠡᠶ ᠤᠷᠤᠰᠤᠨ᠎ᠠ᠃          ᠪᠠᠶ ᠱᠢ ᠦᠵᠡᠮᠵᠢ ᠶᠢᠨ ᠣᠷᠣᠨ ᠤ ᠶᠠᠨ ᠯᠢᠨ ᠰᠢ ᠭᠦ᠋  ᠶᠢᠨ ᠪᠣᠬᠢᠷᠲᠤᠯ ᠥᠬᠡᠶ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ 5 ᠰᠠᠷ᠎ᠠ ᠶᠢᠨ 20 ᠤ ᠡᠳᠦᠷ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠲᠤᠬᠠᠶ ᠶᠢᠨ ᠦᠶ᠎ᠡ ᠳᠤ ᠵᠢᠭᠤᠯᠴᠢᠯᠠᠭᠴᠢᠳ ᠲᠤ ᠴᠡᠪᠡᠷ᠂ ᠪᠣᠬᠢᠷᠲᠤᠯ ᠥᠬᠡᠶ ᠬᠡᠭᠡᠷ᠎ᠡ ᠪᠠᠭᠤᠳᠠᠯᠯᠠᠬᠤ ᠭᠠᠵᠠᠷ ᠬᠠᠩᠭᠠᠬᠤ ᠪᠣᠯᠤᠨ᠎ᠠ᠃ ᠡᠭᠦᠨ ᠠᠴᠠ ᠭᠠᠳᠠᠨ᠎ᠠ ᠦᠵᠡᠮᠵᠢ ᠶᠢᠨ ᠣᠷᠣᠨ ᠳᠤ ᠪᠠᠰᠠ ᠤᠰᠤ ᠬᠠᠭᠤᠷᠠᠶ ᠶᠢᠨ ᠬᠤᠶᠠᠷ ᠬᠡᠷᠡᠭᠴᠡᠭᠡᠲᠦ ᠲᠡᠷᠭᠡ ᠲᠠᠢ᠂ ᠤᠰᠤᠨ ᠳᠤ ᠬᠥᠪᠬᠦ  ᠬᠦᠪᠦᠯᠲᠡ ᠶᠢᠨ ᠪᠡᠶᠡᠴᠢ ᠣᠶᠢᠯᠭᠠᠯᠲᠠ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂  ᠵᠢᠭᠠᠰᠤ ᠪᠠᠷᠢᠬᠤ ᠵᠡᠷᠭᠡ ᠵᠤᠭ᠎ᠠ ᠴᠡᠩᠭᠡᠯ ᠤᠨ ᠲᠥᠷᠥᠯ ᠵᠦᠢᠯ  ᠴᠥᠮ ᠡᠬᠢᠯᠡᠬᠦ ᠪᠣᠯᠤᠨ᠎ᠠ᠂ ᠥᠷᠭᠡᠨ ᠣᠯᠠᠨ ᠵᠢᠭᠤᠯᠴᠢᠯᠠᠭᠴᠢᠳ ᠢ ᠤᠷᠢᠵᠤ ᠬᠤᠲᠠ ᠠᠴᠠ ᠬᠤᠯᠠᠳᠠᠵᠦ ᠡᠬᠡ ᠪᠠᠶᠢᠭᠠᠯᠢ ᠲᠠᠢ ᠨᠢᠭᠡ ᠤᠳᠠᠭᠠᠨ ᠤ ᠭᠤᠶᠣ ᠰᠠᠶᠢᠬᠠᠨ ᠤᠴᠠᠷᠠᠯ ᠢᠶᠠᠨ  ᠡᠬᠢᠯᠡᠭᠦᠯᠬᠦ  ᠶᠢ  ᠪᠠᠶᠠᠷᠯᠠᠨ  ᠤᠭᠲᠤᠵᠤ  ᠪᠠᠢᠨ᠎ᠠ ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号