ᠴᠠᠭᠠᠰᠤᠴᠢ ᠪᠠᠯᠭᠠᠰᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/5/29
    ᠬᠤᠲᠠ ᠪᠠᠯᠭᠠᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠯᠠ ᠨᠡᠭᠦᠷᠡᠰᠦ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠦᠨᠡᠨ ᠬᠦ ᠠᠬᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠴᠠᠭᠠᠰᠤᠴᠢ ᠪᠠᠯᠭᠠᠰᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠢ ᠪᠦᠬᠦ ᠲᠠᠯ᠎ᠠ ᠪᠠᠷ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠵᠢᠯᠴᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠪᠡ᠃    ᠴᠡᠭᠴᠡᠯᠡᠨ ᠵᠠᠰᠠᠬᠤ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ    2023 ᠣᠨ ᠤ ᠴᠠᠭᠠᠰᠤᠴᠢ ᠪᠠᠯᠭᠠᠰᠤᠨ ᠤ ᠳᠣᠲᠣᠷᠠᠬᠢ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠬᠤᠭᠤᠯᠠᠢ ᠭᠤᠤᠷᠰᠤ ᠳᠡᠪᠢᠰᠬᠦ᠂ ᠰᠢᠲᠠᠮᠠᠬᠠᠢ ᠬᠡᠢ ᠶᠢᠨ ᠵᠤᠤᠬ᠎ᠠ ᠶᠢ ᠤᠭᠰᠠᠷᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠂ ᠪᠦᠬᠦ ᠪᠠᠯᠭᠠᠰᠤᠨ ᠤ ᠬᠦᠴᠦᠨ ᠢ ᠳᠠᠶᠢᠴᠢᠯᠠᠨ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃    ᠦᠨᠳᠦᠰᠦᠨ ᠱᠠᠲᠤᠨ ᠤ ᠰᠦᠯᠵᠢᠶᠡᠨ ᠤ ᠡᠭᠦᠷᠭᠡ ᠴᠢᠳᠠᠪᠤᠷᠢ ᠶᠢ ᠪᠠᠳᠠᠷᠠᠭᠤᠯᠤᠨ᠎ᠠ    ᠢᠨᠵᠧᠨᠧᠷᠢᠩ ᠤᠨ ᠲᠥᠷᠥᠯ ᠵᠦᠢᠯ ᠢ ᠠᠬᠢᠭᠤᠯᠬᠤ ᠳᠤᠮᠳᠠ᠂ ᠴᠠᠭᠠᠰᠤᠴᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ᠂ ᠲᠣᠰᠬᠤᠨ ᠬᠠᠷᠢᠶ᠎ᠠ ᠣᠷᠣᠨ ᠤ ᠰᠤᠯᠠ ᠨᠡᠭᠦᠷᠡᠰᠦ ᠰᠢᠲᠠᠭᠠᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠠᠵᠢᠯᠲᠠᠳ ᠡᠭᠦᠷᠭᠡ ᠶᠢᠨ ᠬᠤᠪᠢᠶᠠᠷᠢᠯᠠᠯ ᠢᠶᠠᠨ ᠨᠠᠷᠢᠯᠢᠭᠵᠢᠭᠤᠯᠤᠭᠰᠠᠨ ᠶᠣᠰᠣᠭᠠᠷ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢ ᠭᠤᠣᠯᠳᠠᠯᠭ᠎ᠠ ᠲᠠᠢ ᠪᠠᠶᠢᠴᠠᠭᠠᠨ ᠵᠢᠭᠰᠠᠭᠠᠵᠤ᠂ ᠡᠬᠡ ᠳᠠᠩᠰᠠ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠡᠷ ᠪᠠᠶᠢᠰᠢᠩ ᠤᠨ ᠬᠦᠷᠢᠶ᠎ᠡ ᠬᠠᠰᠢᠶ᠎ᠠ ᠶᠢ ᠳᠠᠩᠰᠠᠯᠠᠨ ᠲᠡᠮᠳᠡᠭᠯᠡᠭᠰᠡᠨ ᠪᠠᠶᠢᠳᠠᠯ ᠢ ᠳᠠᠩᠰᠠᠯᠠᠨ ᠲᠡᠮᠳᠡᠭᠯᠡᠬᠦ ᠶᠢᠨ ᠬᠠᠮᠲᠤ ᠳᠡᠩᠰᠡᠯᠡᠨ ᠺᠠᠷᠳ᠋ᠯᠠᠬᠤ ᠶᠢᠨ ᠬᠠᠮᠲᠤ ᠡᠷᠦᠬᠡ ᠳᠤ ᠣᠷᠣᠵᠤ ᠮᠡᠳᠡᠭᠳᠡᠬᠦ ᠪᠠ ᠰᠠᠭᠤᠭᠠᠯᠢ ᠠᠷᠠᠳ ᠢ ᠵᠣᠬᠢᠴᠠᠭᠤᠯᠬᠤ ᠪᠠ ᠵᠥᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠵᠦ᠂ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠲᠥᠷᠥᠯ ᠵᠦᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠪᠠ᠃    ᠠᠶᠤᠯᠭᠦᠢ ᠦᠢᠯᠡᠳᠪᠦᠷᠢᠯᠡᠯ ᠤᠨ ᠶᠠᠰᠤ ᠴᠢᠨᠠᠷ ᠢ ᠴᠢᠩᠭ᠎ᠠ ᠠᠳᠬᠤᠬᠤ ᠬᠡᠷᠡᠭᠲᠡᠢ    ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠶᠠᠰᠤ ᠴᠢᠨᠠᠷ ᠪᠠ ᠠᠮᠤᠷ ᠲᠦᠪᠰᠢᠨ ᠢ ᠢᠮᠠᠭᠲᠠ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠳᠤᠮᠳᠠ᠂ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠶᠢᠨ ᠶᠠᠰᠤ ᠴᠢᠨᠠᠷ᠂ ᠦᠢᠯᠡᠳᠬᠦᠨ ᠢ ᠪᠠᠶᠢᠴᠠᠭᠠᠨ ᠰᠢᠯᠭᠠᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠬᠢᠨᠠᠨ ᠵᠢᠯᠣᠭᠤᠳᠬᠤ ᠪᠠᠨ ᠴᠢᠩᠭᠠᠳᠬᠠᠨ᠂ ᠪᠠᠷᠢᠯᠭ᠎ᠠ ᠪᠠᠷᠢᠬᠤ ᠨᠢᠭᠡᠴᠡ ᠶᠢ ᠰᠢᠮᠳᠠᠭᠤᠯᠵᠤ ᠪᠠᠶᠢᠭᠠᠳ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠪᠠᠲᠤᠳᠬᠠᠨ᠂ ᠬᠠᠮᠢᠶ᠎ᠠ ᠪᠦᠬᠦᠢ ᠪᠡᠯᠡᠳᠬᠡᠮᠵᠢ ᠶᠢᠨ ᠵᠠᠯᠭᠠᠮᠵᠢ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ ᠣᠳᠣᠬᠠᠨ ᠪᠣᠯᠲᠠᠯ᠎ᠠ᠂ ᠴᠠᠭᠠᠰᠤᠴᠢ ᠪᠠᠯᠭᠠᠰᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠳᠤᠮᠳᠠ ᠳᠠᠷᠤᠯᠲᠠᠲᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠨᠢᠭᠡᠨᠲᠡ 2641 ᠮᠧᠳ᠋ᠷ ᠢ ᠪᠡᠶᠡᠯᠡᠭᠦᠯᠵᠦ᠂ 9. 42% ᠢ ᠪᠡᠶᠡᠯᠡᠭᠦᠯᠪᠡ︔ ᠭᠠᠳᠠᠷ ᠡᠯᠭᠦᠭᠡ ᠬᠤᠭᠤᠯᠠᠢ ᠶᠢᠨ ᠥᠭᠡᠷᠡᠴᠢᠯᠡᠯᠲᠡ ᠶᠢ ᠨᠢᠭᠡᠨᠲᠡ 50801 ᠮᠧᠳ᠋ᠷ ᠢ ᠪᠡᠶᠡᠯᠡᠭᠦᠯᠵᠦ᠂ 24.58% ᠶᠢ ᠪᠡᠶᠡᠯᠡᠭᠦᠯᠪᠡ︔ ᠰᠢᠲᠠᠮᠠᠬᠠᠢ ᠬᠡᠢ ᠶᠢᠨ ᠬᠡᠮᠵᠢᠭᠦᠷ ᠢ ᠨᠢᠭᠡᠨᠲᠡ 247 ᠤᠭᠰᠠᠷᠠᠵᠤ᠂ 2.42% ᠢ ᠪᠡᠶᠡᠯᠡᠭᠦᠯᠪᠡ︔ ᠡᠷᠦᠬᠡ ᠶᠢᠨ ᠳᠣᠲᠣᠷᠠᠬᠢ ᠲᠥᠬᠦᠭᠡᠷᠦᠮᠵᠢ ᠶᠢ ᠤᠭᠰᠠᠷᠠᠬᠤ ᠳᠤ ᠨᠢᠭᠡᠨᠲᠡ 617 ᠡᠷᠦᠬᠡ ᠶᠢ ᠪᠡᠶᠡᠯᠡᠭᠦᠯᠵᠦ᠂ 6.04% ᠶᠢ ᠪᠡᠶᠡᠯᠡᠭᠦᠯᠪᠡ︔ ᠶᠡᠷᠦᠩᠬᠡᠢ ᠠᠬᠢᠴᠠ ᠨᠢ 7.62% ᠪᠣᠯᠤᠨ᠎ᠠ᠃   
 
ᠢᠷᠡᠯᠲᠡ᠄ ᠴᠠᠭᠠᠰᠤᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号