ᠲᠦᠮᠡᠳ ᠵᠡᠭᠦᠨ ᠬᠤᠰᠢᠭᠤ᠄ ᠲᠦᠭᠦᠬᠡᠢ ᠰᠣᠷᠭᠤᠭ ᠢᠳᠡᠭᠡᠨ ᠤ ᠬᠡᠳᠦ ᠳᠡᠯᠭᠡᠭᠦᠷ ᠨᠡᠶᠢᠭᠡᠮ ᠲᠣᠭᠤᠷᠢᠭ ᠲᠤ ᠣᠷᠣᠵᠤ ᠵᠠᠬ᠎ᠠ ᠳᠡᠯᠭᠡᠭᠦᠷ ᠤᠨ ᠬᠡᠷᠡᠭᠯᠡᠭᠡᠨ ᠤ ᠲᠠᠯᠳᠠ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 28 ᠤ ᠡᠳᠦᠷ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠲᠦᠭᠦᠬᠡᠶ ᠰᠣᠷᠭᠤᠭ ᠢᠳᠡᠭᠡᠨ ᠤ ᠬᠡᠲᠦ ᠳᠡᠯᠭᠡᠭᠦᠷ ᠢ ᠨᠡᠶᠢᠭᠡᠮ ᠲᠣᠭᠤᠷᠢᠭ ︵ᠲᠣᠰᠬᠤᠨ︶ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠨᠢ ᠠᠩᠬᠠᠨ ᠤ ᠥᠷᠲᠡᠭᠡ ᠳᠤ ᠰᠣᠩᠭᠤᠨ ᠲᠣᠭᠲᠠᠭᠠᠭᠰᠠᠨ ᠴᠠᠭᠠᠰᠤᠴᠢ ᠪᠠᠯᠭᠠᠰᠤ ᠶᠢᠨ ᠶᠢᠨ ᠳ᠋ᠢ ᠶᠠ ᠶᠤᠸᠠᠨ ᠲᠣᠭᠤᠷᠢᠭ ᠲᠤ ᠶᠠᠪᠤᠭᠳᠠᠪᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠯᠢ ᠺᠧ ᠳ᠋ᠠ ᠬᠡᠲᠦ ᠳᠡᠯᠭᠡᠭᠦᠷ ᠤᠨ ᠠᠵᠢᠯᠲᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠲᠣᠰ ᠤᠳᠠᠭᠠᠨ ᠤ ᠠᠵᠢᠯᠯᠠᠭ᠎ᠠ ᠶᠢᠨ ᠠᠰᠠᠷᠠᠮᠵᠢ ᠶᠢ ᠨᠠᠷᠢᠨ ᠲᠠᠨᠢᠯᠴᠠᠭᠤᠯᠵᠤ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠵᠢᠴᠢ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠵᠡᠷᠭᠡ ᠬᠡᠳᠦᠨ ᠠᠷᠪᠠᠨ ᠭᠠᠷᠤᠶ ᠵᠦᠢᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠪᠡᠯᠡᠳᠬᠡᠵᠦ᠂ ᠳᠡᠯᠭᠡᠨ ᠦᠵᠡᠭᠦᠯᠬᠦ ᠪᠠᠶᠢᠷᠢ ᠶᠢᠨ ᠡᠮᠦᠨ᠎ᠡ ᠰᠠᠭᠤᠭᠠᠯᠢ ᠠᠷᠠᠳ ᠬᠤᠷᠠᠨ ᠴᠤᠭᠯᠠᠷᠠᠵᠤ᠂ ᠥᠷᠢᠰᠥᠯᠳᠦᠨ ᠬᠤᠳᠠᠯᠳᠤᠨ ᠠᠪᠤᠪᠠ᠃    ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠯᠢᠦ ᠠᠪᠠᠭ᠋ᠠᠢ᠄ ︽ᠬᠡᠷ ᠤᠨ ᠡᠭᠦᠳᠡᠨ ᠠᠴᠠ ᠪᠠᠨ ᠡᠯ᠎ᠡ ᠲᠥᠷᠥᠯ ᠤᠨ ᠠᠮᠢᠳᠤᠷᠠᠯ ᠤᠨ ᠡᠳ᠋ ᠪᠣᠳᠠᠰ ᠢ ᠬᠤᠳᠠᠯᠳᠤᠨ ᠠᠪᠴᠤ ᠳᠡᠶᠢᠯᠦᠨ᠎ᠡ᠂ ᠲᠠᠸᠠᠷ ᠨᠢ ᠴᠦ ᠬᠢᠮᠳᠠ᠂ ᠦᠨᠡᠬᠡᠷ ᠮᠠᠰᠢ ᠳᠣᠲᠣᠨᠣ ᠪᠠᠶᠢᠨ᠎ᠠ︾ ᠭᠡᠵᠦ ᠬᠡᠯᠡᠪᠡ᠃ ︽ᠲᠣᠰ ᠤᠳᠠᠭᠠᠨ ᠤ ᠠᠵᠢᠯᠯᠠᠭ᠎ᠠ ᠨᠢ ᠨᠢᠭᠡ ᠵᠢᠯ ᠦᠷᠭᠦᠯᠵᠢᠯᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠭᠠᠷᠠᠭ ᠤᠨ ᠵᠢᠷᠭᠤᠭᠠᠨ ᠤ ᠡᠳᠦᠷ ᠵᠡᠷᠭᠡ ᠴᠠᠭ ᠬᠤᠭᠤᠴᠠᠭ᠎ᠠ ᠶᠢ ᠭᠦᠢᠴᠡᠳ ᠠᠰᠢᠭᠯᠠᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠬᠤᠳᠠᠯᠳᠤᠭᠠᠴᠢᠨ ᠵᠡᠷᠭᠡ ᠣᠯᠠᠨ ᠲᠠᠯ᠎ᠠ ᠶᠢᠨ ᠡᠬᠢ ᠪᠠᠶᠠᠯᠢᠭ ᠢ ᠦᠷᠭᠦᠯᠵᠢᠯᠡᠨ ᠴᠤᠭᠯᠠᠭᠤᠯᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠪᠠ ᠴᠢᠨᠠᠷ ᠰᠠᠶᠢᠲᠠᠶ ᠬᠡᠷᠡᠭᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠲᠣᠰᠣ ᠢᠳᠡᠭᠡᠨ᠂ ᠮᠢᠬᠠᠨ ᠤ ᠵᠦᠶ᠋ᠯ ᠢᠳᠡᠰᠢᠨ ᠨᠣᠭᠤᠭ᠎ᠠ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠵᠡᠷᠭᠡ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠵᠦᠶ᠋ᠯ ᠤᠨ ᠲᠣᠭᠤᠷᠢᠨ ᠳᠤ ᠬᠢᠮᠳᠠᠷᠠᠭᠤᠯᠤᠨ ᠠᠰᠢᠭ ᠣᠯᠭᠤᠬᠤ ᠵᠡᠷᠭᠡ ᠠᠷᠠᠳ ᠲᠤ ᠠᠰᠢᠭ ᠬᠦᠷᠲᠡᠭᠡᠬᠦ ᠰᠢᠷᠢᠰ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠦᠨᠡᠨ ᠬᠦ ᠪᠣᠳᠠᠲᠤ ᠠᠰᠢᠭ ᠬᠦᠷᠲᠡᠭᠡᠵᠦ᠂ ᠬᠤᠳᠠᠯᠳᠤᠭᠠᠴᠢᠨ ᠬᠥᠮᠦᠰ ᠤᠨ ᠬᠦᠷᠢᠶᠡᠯᠡᠯ ᠢ ᠣᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠦᠨ᠎ᠡ︾ ᠭᠡᠵᠦ ᠬᠡᠯᠡᠪᠡ᠃ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠳᠬᠡᠪᠡ᠃   
 
ᠢᠷᠡᠯᠲᠡ᠄ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号