ᠴᠠᠭᠠᠰᠤᠴᠢ ᠪᠠᠯᠭᠠᠰᠤ᠄ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠵᠠᠰᠠᠯᠲᠠ ᠶᠢᠨ ᠰᠠᠭᠤᠷᠢ ᠶᠢ ᠪᠠᠲᠤᠳᠬᠠᠨ᠎ᠠ
ᠨᠡᠶᠢᠲᠡᠯᠡᠭᠰᠡᠨ ᠴᠠᠭ᠄
2023/5/30
    ᠡᠨᠡ ᠵᠢᠯ ᠠᠴᠠ ᠨᠠᠰᠢ᠂ ᠴᠠᠭᠠᠰᠤᠴᠢ ᠪᠠᠯᠭᠠᠰᠤ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠯᠲᠠ ᠶᠢᠨ ᠰᠠᠭᠤᠷᠢ ᠪᠠᠨ ᠲᠠᠰᠤᠷᠠᠯᠲᠠ ᠥᠬᠡᠶ ᠪᠠᠬᠢᠵᠢᠭᠦᠯᠵᠦ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠢᠵᠢᠭ ᠲᠣᠭᠤᠷᠢᠭ ᠤᠨ ᠠᠵᠤ ᠦᠶ᠋ᠯᠡᠰ ᠤᠨ ᠵᠥᠪᠯᠡᠯ ᠤᠨ ᠵᠣᠬᠢᠶᠠᠨ ᠪᠠᠶᠢᠭᠤᠯᠬᠤ ᠠᠵᠢᠯ ᠢ ᠶᠡᠬᠡᠪᠡᠷ ᠳᠥᠯᠭᠢᠨ ᠠᠬᠢᠭᠤᠯᠵᠤ᠂ ᠬᠠᠷᠢᠶᠠᠲᠤ ᠣᠷᠣᠨ ᠤ ᠵᠢᠵᠢᠭ ᠲᠣᠭᠤᠷᠢᠭ ᠤᠨ ᠪᠣᠳᠠᠰ ᠤᠨ ᠬᠠᠮᠢᠶᠠᠷᠤᠯᠲᠠ ᠶᠢᠨ ᠵᠥᠪᠯᠡᠯ ᠤᠨ ᠪᠦᠷᠬᠦᠴᠡ ᠶᠢᠨ ᠨᠣᠷᠮ᠎ᠠ ᠶᠢ ᠵᠡᠷᠭᠡ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠰᠠᠶᠢᠨ ᠰᠠᠶᠢᠬᠠᠨ᠂ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃    ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠯ ᠢ ᠴᠢᠩᠭᠡᠳ᠋ᠭᠠᠨ᠎ᠠ    ᠵᠢᠯ ᠤᠨ ᠡᠬᠢᠨ ᠳᠤ᠂ ᠴᠠᠭᠠᠰᠤᠴᠢ ᠪᠠᠯᠭᠠᠰᠤ ᠰᠠᠭᠤᠭᠠᠯᠢ ᠲᠣᠭᠤᠷᠢᠭ ᠤᠨ ᠠᠵᠤ ᠦᠢᠯᠡᠰ ᠤᠨ ᠵᠥᠪᠯᠡᠯ ᠪᠠᠶᠢᠭᠤᠯᠬᠤ ᠠᠵᠢᠯ ᠤᠨ ᠲᠤᠰᠬᠠᠢ ᠰᠡᠳᠦᠪᠲᠦ ᠶᠠᠷᠢᠯᠴᠠᠬᠤ ᠬᠤᠷᠠᠯ᠂ ᠠᠵᠢᠯ ᠢ ᠠᠬᠢᠭᠤᠯᠬᠤ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠡᠯ᠎ᠡ ᠱᠠᠳᠤ ᠦᠶ᠎ᠡ ᠶᠢᠨ ᠠᠵᠢᠯ ᠤᠨ ᠡᠭᠦᠷᠭᠡ ᠪᠣᠯᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠠᠵᠢᠯ ᠤᠨ ᠬᠤᠭᠤᠴᠠᠭᠠᠨ ᠳᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠶᠢ ᠣᠯᠠᠨ ᠤᠳᠠᠭ᠎ᠠ ᠡᠷᠭᠢᠯᠡᠵᠦ᠂ ᠰᠣᠩᠭᠤᠭᠤᠯᠢ ᠶᠢᠨ ᠥᠮᠴᠢᠲᠡᠨ ᠤ ᠵᠥᠪᠯᠡᠯ ᠤᠨ ᠠᠴᠢ ᠬᠤᠯᠪᠣᠭᠳᠠᠯ᠂ ᠪᠣᠳᠠᠲᠠᠶ ᠠᠯᠬᠤᠮ ᠳᠠᠷᠠᠭ᠎ᠠ᠂ ᠴᠤᠪᠤᠷᠠᠯ ᠵᠢᠴᠢ ᠠᠩᠬᠠᠷᠬᠤ ᠵᠦᠶ᠋ᠯ ᠤᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠠᠵᠢᠯᠲᠠᠨ ᠳᠤ ᠭᠦᠶ᠋ᠴᠡᠳ ᠡᠮᠬᠢᠯᠡᠨ ᠲᠠᠶᠢᠯᠪᠤᠷᠢᠯᠠᠵᠤ᠂ ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠪᠠᠲᠤ ᠪᠠᠬᠢ ᠣᠨᠣᠯ ᠤᠨ ᠰᠠᠭᠤᠷᠢ ᠶᠢ ᠲᠠᠯᠪᠢᠵᠤ ᠥᠭᠪᠡ᠃    ᠥᠷᠭᠡᠨ ᠢᠶᠠᠷ ᠰᠤᠷᠲᠠᠯᠴᠢᠯᠠᠬᠤ ᠶᠢ ᠬᠦᠮᠦᠨ ᠪᠦᠬᠦᠨ ᠮᠡᠳᠡᠨ᠎ᠡ᠃    ᠨᠡᠶᠢᠭᠡᠮ ᠲᠣᠭᠤᠷᠢᠭ ᠪᠠ ᠵᠢᠵᠢᠭ ᠲᠣᠭᠤᠷᠢᠭ ᠤᠨ ᠠᠵᠤ ᠦᠢᠯᠡᠰ ᠤᠨ ᠵᠥᠪᠯᠡᠯ ᠠᠵᠢᠯ ᠤᠨ ᠪᠡᠯᠡᠳᠬᠡᠯ ᠳᠤᠭᠤᠶᠢᠯᠠᠩ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠦᠯᠬᠦᠮ᠂ ᠤᠬᠠᠭᠤᠯᠭ᠎ᠠ ᠶᠢᠨ ᠪᠤᠯᠤᠩ ᠵᠡᠷᠭᠡ ᠣᠯᠠᠨ ᠵᠦᠢᠯ ᠤᠨ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ ᠵᠥᠪᠯᠡᠯ ᠤᠨ ᠴᠢᠬᠤᠯᠠ ᠠᠴᠢ ᠬᠤᠯᠪᠣᠭᠳᠠᠯ᠂ ᠴᠠᠭ ᠬᠤᠭᠤᠴᠠᠭ᠎ᠠ᠂ ᠲᠠᠰ ᠳᠠᠷᠠᠭᠠᠯᠠᠯ ᠵᠡᠷᠭᠡ ᠶᠢ ᠨᠠᠷᠢᠨ ᠨᠢᠭᠲᠠ ᠤᠬᠠᠭᠤᠯᠵᠤ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠢ ᠡᠷᠦᠬᠡ ᠪᠣᠯᠭᠠᠨ ᠳᠤ ᠮᠡᠳᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠥᠮᠴᠢᠲᠡᠨ ᠤ ᠭᠤᠤᠯ ᠴᠣᠭᠴᠠ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃    ᠬᠠᠣᠯᠢ ᠶᠣᠰᠣᠭᠠᠷ ᠲᠦᠯᠬᠢᠨ ᠠᠬᠢᠭᠤᠯᠬᠤ ᠶᠠᠪᠣᠴᠠ    ᠨᠡᠶᠢᠭᠡᠮ ᠲᠣᠭᠤᠷᠢᠭ ᠤᠨ ᠬᠢᠨ ᠵᠢᠵᠢᠭ ᠲᠣᠭᠤᠷᠢᠭ ᠤᠨ ᠠᠵᠢᠯ ᠦᠢᠯᠡᠰ ᠤᠨ ᠵᠥᠪᠯᠡᠯ ᠤᠨ ᠠᠵᠢᠯ ᠤᠨ ᠪᠡᠯᠡᠳᠬᠡᠯ ᠳᠤᠭᠤᠶᠢᠯᠠᠩ ᠪᠠᠶᠢᠭᠤᠯᠬᠤ ᠶᠢ ᠪᠦᠬᠦ ᠶᠠᠪᠤᠴᠠ ᠪᠠᠷ ᠵᠢᠯᠣᠭᠤᠳᠴᠤ᠂ ︽ᠠᠳᠠᠯ ᠠᠬᠤᠢ ᠶᠢᠨ ᠬᠠᠮᠢᠶᠠᠷᠤᠯᠲᠠ ᠶᠢᠨ ᠲᠦᠷᠢᠮ︾᠂ ︽ᠥᠮᠴᠢᠲᠡᠨ ᠤ ᠶᠡᠭᠡ ᠬᠤᠷᠠᠯ ᠪᠠ ᠥᠮᠴᠢᠲᠡᠨ ᠤ ᠵᠥᠪᠯᠡᠯ ᠤᠨ ᠵᠢᠯᠣᠭᠤᠳᠬᠤ ᠲᠦᠷᠢᠮ︾ ᠵᠡᠷᠭᠡ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠶᠣᠰᠣᠭᠠᠷ᠂ ᠠᠵᠤ ᠦᠢᠯᠡᠰ ᠤᠨ ᠵᠥᠪᠯᠡᠯ ᠤᠨ ᠬᠠᠮᠢᠶ᠎ᠠ ᠪᠦᠬᠦᠢ ᠳᠡᠰ ᠳᠠᠷᠠᠭᠠᠯᠠᠯ ᠠᠯᠬᠤᠮ ᠳᠠᠷᠠᠭ᠎ᠠ ᠶᠢ ᠴᠢᠩᠭ᠎ᠠ ᠵᠢᠷᠤᠮᠵᠢᠭᠤᠯᠵᠤ᠂ ᠲᠡᠰ ᠳᠠᠷᠠᠭᠠᠯᠠᠯ ᠢ ᠳᠥᠭᠦᠮᠴᠢᠯᠡᠬᠦ᠂ ᠤᠴᠢᠷ ᠶᠠᠪᠤᠳᠠᠯ ᠢ ᠳᠦᠭᠦᠮᠴᠢᠯᠡᠬᠦ᠂ ᠶᠣᠰᠣᠨ ᠲᠡᠳᠦᠶ ᠥᠩᠭᠡᠷᠡᠭᠦᠯᠬᠦ ᠶᠢ ᠡᠷᠡᠰ ᠲᠡᠪᠴᠢᠨ᠎ᠡ᠃ ᠴᠠᠭᠠᠰᠤᠴᠢ ᠪᠠᠯᠭᠠᠰᠤ ᠵᠢᠴᠢ ᠡᠯ᠎ᠡ ᠨᠡᠶᠢᠭᠡᠮ ᠲᠣᠭᠤᠷᠢᠭ ᠤᠨ ᠠᠵᠢᠯ ᠤᠨ ᠵᠥᠪᠯᠡᠯ ᠳᠤ ᠬᠤᠯᠪᠣᠭᠳᠠᠯ ᠪᠦᠬᠦᠢ ᠠᠵᠢᠯ ᠤᠨ ᠲᠤᠬᠢᠷᠠᠭᠤᠯᠤᠯᠳᠠ ᠪᠣᠯᠤᠨ ᠰᠣᠩᠭᠤᠭᠤᠯᠢ ᠶᠢᠨ ᠲᠡᠰ ᠳᠠᠷᠠᠭᠠᠯᠠᠯ ᠢ ᠨᠠᠷᠢᠨ ᠬᠢᠨᠠᠮᠠᠭᠠᠢ ᠡᠵᠡᠮᠳᠡᠵᠦ᠂ ᠠᠵᠢᠯ ᠤᠨ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠤᠯᠠᠵᠤ᠂ ᠬᠠᠷᠢᠭᠤᠴᠠᠯᠭᠠᠲᠤ ᠰᠡᠳᠬᠢᠯᠭᠡ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠠᠵᠢᠯ ᠤᠨ ᠵᠥᠪᠯᠡᠯ ᠤᠨ ᠡᠩᠨᠡᠭᠡ ᠶᠢ ᠰᠣᠩᠭᠤᠨ ᠭᠠᠷᠭᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠦᠮᠡᠳ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号