ᠲᠦᠮᠡᠳ ᠵᠡᠭᠦᠨ ᠬᠤᠰᠢᠭᠤᠨ ᠤ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠥᠷᠢᠳᠦᠭᠦᠯᠦᠭᠰᠡᠨ ᠬᠤᠭᠤᠯᠠᠶ ᠶᠢᠨ ᠲᠣᠤᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶ᠋ᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2023/5/30
    5 ᠰᠠᠷ᠎ᠠ ᠶᠢᠨ 26 ᠤ ᠡᠳᠦᠷ᠂ ᠲᠦᠮᠡᠳ ᠵᠡᠭᠦᠨ ᠬᠤᠰᠢᠭᠤᠨ ᠤ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠤᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠪᠢᠴᠢᠭᠡᠴᠢ ᠪᠠᠯᠭᠠᠰᠤᠨ ᠤ ᠪᠸᠢ ᠳ᠋ᠢᠶᠠᠨ ᠲᠣᠰᠬᠤᠨ ᠳᠤ ᠶᠠᠪᠤᠭᠳᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ ᠠᠵᠢᠯᠯᠠᠭ᠎ᠠ ᠳᠤ ᠣᠷᠣᠯᠴᠠᠭᠰᠠᠨ ᠪᠥᠭᠡᠳ ᠲᠥᠷᠥᠯ ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠯᠢ ᠮᠢᠨ ᠠᠵᠢᠯ ᠡᠬᠢᠯᠡᠬᠦ ᠶᠣᠰᠣᠯᠠᠯ ᠢ ᠡᠷᠭᠢᠯᠡᠪᠡ᠃ ᠶᠣᠰᠣᠯᠠᠯ ᠳᠡᠭᠡᠷ᠎ᠡ᠂ ᠳᠡᠳ᠋ ᠬᠤᠰᠢᠭᠤᠨ ᠳᠠᠷᠤᠭ᠎ᠠ ᠯᠢ ᠫᠧᠩ ᠲᠥᠷᠥᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠪᠠᠷᠢᠯᠭ᠎ᠠ ᠪᠠᠷᠢᠬᠤ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃    ᠲᠦᠮᠡᠳ ᠵᠡᠭᠦᠨ ᠬᠤᠰᠢᠭᠤᠨ ᠤ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶ᠋ᠯ ᠪᠣᠯ ᠢᠯᠴᠢ ᠴᠠᠬᠢᠯᠭᠠᠨ ᠤ ᠬᠤᠯᠪᠣᠭᠠᠯᠠᠨ ᠦᠶ᠋ᠯᠡᠳᠪᠦᠷᠢᠯᠡᠬᠦ ᠲᠥᠷᠥᠯ ᠵᠦᠶ᠋ᠯ ᠪᠣᠯᠤᠨ᠎ᠠ᠂ ᠵᠢᠨᠱᠠᠨ ᠴᠠᠬᠢᠯᠭᠠᠨ ᠤ ᠦᠶ᠋ᠯᠡᠳᠪᠦᠷᠢ ᠶᠢᠨ ᠦᠯᠡᠳᠡᠪᠦᠷᠢ ᠢᠯᠴᠢ ᠶᠢ ᠬᠤᠷᠢᠶᠠᠨ ᠠᠪᠴᠤ ᠠᠰᠢᠭᠯᠠᠬᠤ ᠪᠠᠷ ᠳᠠᠮᠵᠢᠭᠤᠯᠤᠨ᠂ ᠴᠠᠭᠠᠰᠤᠴᠢ ᠪᠠᠯᠭᠠᠰᠤᠨ ᠳᠤ ᠢᠯᠴᠢ ᠬᠠᠩᠭᠠᠵᠤ ᠪᠤᠢ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 6.2 ᠳ᠋ᠦᠩᠰᠢᠭᠤᠷ ᠲᠥᠭᠦᠷᠢᠭ ᠲᠤ ᠬᠦᠷᠴᠦ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠲᠣᠤᠷ ᠢ ᠳᠡᠪᠢᠰᠬᠦ᠂ ᠳᠠᠷᠤᠯᠲᠠ ᠲᠤᠰᠠᠭᠠᠷᠯᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠴᠠᠭᠠᠰᠤᠴᠢ ᠪᠠᠯᠭᠠᠰᠤᠨ ᠤ ᠬᠠᠷᠢᠯᠴᠠᠨ ᠬᠤᠯᠪᠣᠭᠠᠯᠠᠵᠤ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ 3 ᠶᠡᠭᠡ ᠬᠡᠰᠡᠭ ᠬᠤᠪᠢᠶᠠᠨ᠎ᠠ᠃ ᠤᠷᠲᠤ ᠴᠠᠬᠢᠯᠭᠠᠨ ᠳᠠᠮᠵᠢᠭᠤᠯᠬᠤ ᠬᠤᠭᠤᠯᠠᠶ ᠶᠢᠨ ᠡᠬᠢᠯᠡᠯᠲᠡ ᠶᠢᠨ ᠴᠡᠭ ᠨᠢ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠠᠴᠠ ᠵᠠᠯᠭᠠᠵᠤ᠂ ᠲᠠᠶᠢᠭ᠎ᠠ ᠮᠣᠳᠤ ᠪᠠᠯᠭᠠᠰᠤ᠂ ᠪᠢᠴᠢᠭᠡᠴᠢ ᠪᠠᠯᠭᠠᠰᠤ᠂ ᠴᠠᠭᠠᠰᠤᠴᠢ ᠪᠠᠯᠭᠠᠰᠤ ᠪᠠᠷ ᠥᠩᠭᠡᠷᠡᠨ᠂ ᠬᠤᠭᠤᠯᠠᠶ ᠶᠢᠨ ᠬᠡᠮᠵᠢᠶ᠎ᠡ ᠶᠢ 32.5 ᠺᠢᠯᠣᠮᠧᠳ᠋ᠷ ᠳᠡᠪᠢᠰᠪᠡ︔ ᠳᠠᠷᠤᠯᠲᠠ ᠬᠥᠨᠳᠡᠶ ᠶᠢᠨ ᠥᠷᠲᠡᠭᠡ ᠶᠢᠨ ᠦᠢᠯᠡᠳᠪᠦᠷᠢ ᠶᠢᠨ ᠲᠣᠭᠤᠷᠢᠭ 27 ᠮᠦ ᠭᠠᠵᠠᠷ ᠡᠵᠡᠯᠡᠵᠦ᠂ ᠶᠡᠷᠦᠩᠬᠡᠶ ᠪᠠᠷᠢᠯᠭ᠎ᠠ ᠶᠢᠨ ᠬᠡᠪᠴᠢᠶ᠎ᠡ ᠨᠢ 3385 ᠲᠡᠭᠰᠢ ᠳᠥᠷᠪᠡᠯᠵᠢᠨ ᠮᠧᠳ᠋ᠷ ᠪᠠᠶᠢᠵᠤ᠂ ᠳᠠᠷᠤᠯᠲᠠ ᠠᠯᠤᠰᠯᠠᠭᠰᠠᠨ ᠥᠷᠲᠡᠭᠡ ᠶᠢᠨ ᠳᠣᠲᠣᠷ᠎ᠠ ᠲᠣᠮᠣ ᠬᠡᠯᠪᠡᠷᠢ ᠶᠢᠨ ᠢᠯᠴᠢ ᠰᠣᠯᠢᠯᠴᠠᠭᠤᠷ ᠪᠠ ᠢᠯᠴᠢ ᠶᠢᠨ ᠲᠣᠣᠷ ᠤᠨ ᠡᠷᠭᠢᠯᠲᠡ ᠶᠢᠨ ᠤᠰᠤᠨ ᠬᠥᠭᠡᠷᠭᠡ ᠲᠣᠬᠢᠷᠠᠭᠤᠯᠪᠠ︔ ᠴᠠᠭᠠᠰᠤᠴᠢ ᠪᠠᠯᠭᠠᠰᠤᠨ ᠤ 5 ᠭᠠᠵᠠᠷ ᠤᠨ ᠭᠦᠸᠧᠯᠦ ᠶᠢᠨ ᠭᠡᠷ ᠢ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠪᠠᠯᠭᠠᠰᠤᠨ ᠤ ᠳᠣᠲᠣᠷᠠᠬᠢ ᠢᠯᠴᠢ ᠬᠠᠩᠭᠠᠬᠤ ᠬᠤᠭᠤᠯᠠᠶ ᠶᠢᠨ ᠲᠣᠤᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠥᠭᠡᠷᠡᠴᠢᠯᠡᠪᠡ᠃ ᠲᠣᠰ ᠲᠥᠷᠥᠯ ᠵᠦᠢᠯ ᠪᠣᠯ ᠲᠦᠮᠡᠳ ᠵᠡᠭᠦᠨ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠴᠢᠬᠤᠯᠠ ᠪᠣᠳᠠᠲᠤ ᠶᠠᠪᠤᠳᠠᠯ ᠤᠨ ᠲᠥᠷᠥᠯ ᠵᠦᠢᠯ ᠪᠣᠯᠤᠨ᠎ᠠ᠂ ᠶᠡᠷᠦᠩᠬᠡᠶ ᠢᠨᠵᠧᠨᠧᠷᠢᠩ ᠢ ᠡᠨᠡ ᠵᠢᠯ ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠬᠠᠯᠠᠭᠤᠨ ᠤᠰᠤᠨ ᠠᠴᠠ ᠢᠯᠴᠢ ᠬᠠᠩᠭᠠᠵᠤ᠂ ᠴᠠᠭᠠᠰᠤᠴᠢ ᠪᠠᠯᠭᠠᠰᠤᠨ ᠤ 300 ᠲᠦᠮᠡᠨ ᠲᠡᠭᠰᠢ ᠳᠥᠷᠪᠡᠯᠵᠢᠨ ᠮᠧᠳ᠋ᠷ ᠤᠨ ᠢᠯᠴᠢ ᠬᠠᠩᠭᠠᠬᠤ ᠬᠡᠷᠡᠭᠴᠡᠭᠡ ᠶᠢ ᠪᠦᠲᠦᠮᠵᠢᠲᠡᠶ ᠰᠢᠢᠳᠪᠦᠷᠢᠯᠡᠵᠦ ᠪᠣᠯᠤᠨ᠎ᠠ᠂ ᠪᠢᠴᠢᠭᠡᠴᠢ ᠪᠠᠯᠭᠠᠰᠤᠨ ᠳᠤ 38 ᠲᠦᠮᠡᠨ ᠲᠡᠭᠰᠢ ᠳᠥᠷᠪᠡᠯᠵᠢᠨ ᠮᠧᠳ᠋ᠷ ᠤᠨ ᠢᠯᠴᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠦᠯᠡᠳᠡᠭᠡᠵᠦ ᠪᠣᠯᠤᠨ᠎ᠠ᠃ ᠠᠯᠤᠰ ᠤᠨ ᠬᠥᠭᠵᠢᠯᠲᠡ ᠠᠴᠠ ᠦᠵᠡᠪᠡᠯ᠂ ᠲᠣᠰ ᠲᠥᠷᠥᠯ ᠵᠦᠢᠯ ᠨᠢ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠢᠯᠴᠢ ᠬᠠᠩᠭᠠᠬᠤ ᠴᠢᠳᠠᠪᠤᠷᠢ ᠨᠢ 820 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠬᠦ ᠪᠣᠯᠤᠨ᠎ᠠ ᠃ ᠲᠥᠷᠥᠯ ᠵᠦᠶ᠋ᠯ ᠪᠠᠶᠢᠭᠤᠯᠤᠭᠳᠠᠭᠰᠠᠨ ᠤ ᠳᠠᠷᠠᠭ᠎ᠠ ᠲᠦᠮᠡᠳ ᠵᠡᠭᠦᠨ ᠬᠤᠰᠢᠭᠤᠨ ᠤ ᠢᠯᠴᠢ ᠬᠠᠩᠭᠠᠬᠤ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ᠂ ᠰᠠᠭᠤᠭᠠᠯᠢ ᠠᠷᠠᠳ ᠤᠨ ᠢᠯᠴᠢ ᠬᠠᠩᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠲᠠ ᠪᠠᠯᠭᠠᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ᠂ ᠣᠯᠠᠨ ᠴᠡᠭ ᠲᠤ ᠠᠵᠢᠯᠯᠠᠬᠤ᠂ ᠣᠷᠣᠨ ᠬᠤᠪᠢᠶᠠᠨ ᠠᠬᠢᠭᠤᠯᠬᠤ ᠵᠠᠭᠪᠤᠷ ᠢ ᠬᠡᠷᠡᠭᠯᠡᠨ ᠶᠠᠪᠤᠭᠳᠠᠭᠤᠯᠵᠤ᠂ 4 ᠠᠵᠢᠯᠯᠠᠬᠤ ᠲᠣᠭᠤᠷᠢᠭ ᠢ ᠬᠠᠮᠲᠤ ᠳᠤᠨᠢ ᠪᠠᠷᠢᠵᠤ ᠳᠠᠭᠤᠰᠬᠠᠪᠠ᠃ ᠨᠡᠶᠢᠲᠡ 150 ᠠᠵᠢᠯᠲᠠᠨ᠂ 80 ᠭᠠᠷᠤᠶ ᠮᠠᠰᠢᠨ ᠲᠥᠬᠦᠭᠡᠷᠦᠮᠵᠢ ᠣᠷᠣᠭᠤᠯᠵᠤ᠂ ᠣᠲᠣ ᠪᠣᠯᠲᠠᠯ᠎ᠠ ᠨᠢᠭᠡᠨᠲᠡ 7 ᠺᠢᠯᠣᠮᠧᠳ᠋ᠷ ᠬᠤᠪᠢ ᠶᠢ ᠨᠡᠭᠡᠭᠡᠭᠰᠡᠨ ᠪᠠᠶᠢᠨ᠎ᠠ᠃    ᠲᠥᠷᠥᠯ ᠵᠦᠶ᠋ᠯ ᠤᠨ ᠪᠠᠷᠢᠯᠭ᠎ᠠ ᠪᠠᠷᠢᠬᠤ ᠶᠠᠪᠤᠴᠠ ᠳᠤ᠂ ᠭᠠᠷᠠᠭ ᠤᠨ ᠲᠣᠬᠢᠷᠠᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠣᠰ ᠺᠣᠮᠫᠠᠨᠢ ᠲᠥᠷᠥᠯ ᠵᠦᠶ᠋ᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶ᠋ᠳᠪᠦᠷᠢᠯᠡᠵᠦ᠂ ᠲᠥᠷᠥᠯ ᠵᠦᠶ᠋ᠯ ᠤᠨ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠪᠠᠲᠤᠯᠠᠵᠤ᠂ ᠡᠨᠡ ᠡᠪᠦᠯ ᠤᠨ ᠢᠯᠴᠢ ᠬᠠᠩᠭᠠᠬᠤ ᠶᠢ ᠨᠥᠯᠥᠭᠡᠯᠡᠬᠦ ᠥᠬᠡᠶ ᠪᠠᠶᠢᠬᠤ ᠶᠢ ᠪᠠᠲᠤᠯᠠᠨ᠎ᠠ᠃ ︽ᠶᠡᠷᠦᠩᠬᠡᠢ ᠳᠠᠭᠠᠭᠠᠴᠢᠯᠠᠯᠲᠠ ᠶᠢᠨ ᠨᠢᠭᠡᠴᠢ ᠪᠣᠯᠤᠭᠰᠠᠨ ᠤ ᠬᠤᠪᠢ ᠳᠤ᠂ ᠭᠡᠷ᠎ᠡ ᠶᠢᠨ ᠠᠵᠢᠯ ᠤᠨ ᠬᠤᠭᠤᠴᠠᠭᠠᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠬᠤ ᠲᠠᠯ᠎ᠠ ᠪᠠᠷ ᠤᠷᠤᠭᠰᠢᠲᠠᠢ ᠳᠠᠭᠤᠰᠬᠤ ᠶᠢ ᠪᠢᠳᠡ ᠢᠲᠡᠭᠡᠯ ᠪᠠ ᠴᠢᠳᠠᠪᠤᠷᠢ ᠲᠠᠢ ᠪᠠᠶᠢᠨ᠎ᠠ︾ ᠭᠡᠵᠦ ᠬᠡᠯᠡᠪᠡ᠃ ᠬᠢᠲᠠᠳ ᠤᠯᠤᠰ ᠤᠨ ᠲᠡᠮᠦᠷ ᠵᠠᠮ ᠤᠨ ᠬᠤᠷᠢᠨ ᠭᠤᠷᠪᠠᠳᠤᠭᠠᠷ ᠲᠣᠪᠴᠢᠶᠠᠨ ᠤ ᠪᠦᠯᠦᠭᠯᠡᠯ ᠤᠨ ᠪᠠᠷᠠᠭᠤᠨ ᠬᠤᠶᠢᠳ ᠣᠷᠣᠨ ᠤ ᠲᠥᠷᠥᠯ ᠵᠦᠢᠯ ᠤᠨ ᠬᠠᠷᠢᠭᠤᠴᠠᠯᠭᠠᠲᠠᠨ ᠲᠤ ᠴᠢᠨ᠃ ᠡᠭᠦᠨ ᠠᠴᠠ ᠭᠠᠳᠠᠨ᠎ᠠ᠂ ᠲᠦᠮᠡᠳ ᠵᠡᠭᠦᠨ ᠬᠤᠰᠢᠭᠤᠨ ᠤ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶ᠋ᠯ ᠪᠠᠶᠢᠭᠤᠯᠤᠭᠳᠠᠵᠤ ᠠᠵᠢᠯᠯᠠᠭᠰᠠᠨ ᠤ ᠳᠠᠷᠠᠭ᠎ᠠ᠂ ᠵᠢᠯ ᠪᠦᠷᠢ 9 ᠲᠦᠮᠡᠨ ᠲᠣᠨ ᠨᠡᠭᠦᠷᠡᠰᠦ ᠠᠷᠪᠢᠯᠠᠵᠤ᠂ ᠵᠢᠯ ᠤᠨ ᠤᠰᠤ ᠠᠷᠪᠢᠯᠠᠬᠤ ᠬᠡᠮᠵᠢᠶ᠎ᠡ 3460 ᠲᠦᠮᠡᠨ ᠭᠷᠠᠳᠦ᠋ᠰ᠂ ᠵᠢᠯ ᠤᠨ ᠤᠰᠤ ᠠᠷᠪᠢᠯᠠᠬᠤ ᠬᠡᠮᠵᠢᠶ᠎ᠡ 34 ᠲᠦᠮᠡᠨ ᠲᠣᠨ ᠪᠣᠯᠤᠨ᠎ᠠ᠃ ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ ᠴᠧᠨ ᠰᠢ ᠯᠧ᠂ ᠯᠢᠦᠶ ᠸᠧᠨ ᠫᠢᠩ᠂ ᠵᠠᠩ ᠭᠤᠸᠠᠩ ᡁᠢ᠂ ᠯᠢᠦ ᡁᠢ ᠴᠢᠶᠠᠩ᠂ ᠶᠠᠩ ᠰᠢᠶᠤᠤ ᠳ᠋ᠦᠩ᠂ ᠶᠠᠩ ᠵᠢᠶᠠᠨ ᠵᠥᠩ᠂ ᠶᠦᠨ ᠴᠤᠸᠠᠨ ᠹᠧᠩ ᠪᠣᠯᠤᠨ ᠬᠤᠲᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃   
 
ᠢᠷᠡᠯᠲᠡ᠄ ᠲᠦᠮᠡᠳ ᠵᠡᠭᠦᠨ ᠬᠤᠰᠢᠭᠤᠨ  ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号