︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠠᠴᠠ ᠰᠤᠷᠤᠯᠴᠠᠵᠤ ᠤᠯᠤᠰ ᠢᠶᠠᠨ ᠬᠦᠴᠦᠷᠬᠡᠭᠵᠢᠭᠦᠯᠦᠨ ᠰᠡᠷᠭᠦᠭᠡᠨ ᠮᠠᠨᠳᠤᠭᠤᠯᠬᠤ ᠳᠤ ᠪᠢ ᠪᠠᠶᠢᠬᠤ︾ 2023 ᠣᠨ ᠳᠤ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠣᠩᠭᠤᠳᠠᠭ ᠵᠣᠬᠢᠶᠠᠯ ᠢ ᠤᠩᠰᠢᠬᠤ ᠤᠷᠤᠯᠳᠤᠭᠠᠨ ᠤ ᠲᠦᠮᠡᠳ ᠵᠡᠭᠦᠨ ᠬᠤᠰᠢᠭᠤᠨ ᠤ ᠬᠤᠪᠢᠶᠠᠷᠢ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/5/30
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠬᠤ ᠪᠠᠷ ᠴᠢᠷᠮᠠᠶᠢᠨ᠎ᠠ᠃ 4 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ 8 ᠰᠠᠯᠠᠭ᠎ᠠ ᠮᠥᠴᠢᠷ ︽ᠬᠤᠷᠢᠳᠤᠭᠠᠷ ᠶᠡᠭᠡ ᠤᠯᠤᠰ ᠢᠶᠠᠨ ᠰᠤᠷᠤᠯᠴᠠᠵᠤ ᠰᠡᠷᠭᠦᠨ ᠮᠠᠨᠳᠤᠭᠤᠯᠬᠤ ᠳᠤ ᠪᠢᠪᠣᠢ︾ ᠬᠡᠬᠦ 2023 ᠣᠨ ᠤ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠣᠩᠭᠤᠳᠠᠭ ᠵᠣᠬᠢᠶᠠᠯ ᠢ ᠤᠩᠰᠢᠬᠤ ᠤᠷᠤᠯᠳᠤᠭᠠᠨ ᠶᠠᠪᠤᠭᠤᠯᠪᠠ᠃    5 ᠰᠠᠷ᠎ᠠ ᠶᠢᠨ 25 ᠤ ᠡᠳᠦᠷ᠂ ︽ᠬᠤᠷᠢᠳᠤᠭᠠᠷ ᠶᠡᠭᠡ ᠤᠯᠤᠰ ᠢᠶᠠᠨ ᠰᠡᠷᠭᠦᠭᠡᠨ ᠮᠠᠨᠳᠤᠭᠤᠯᠬᠤ ᠠᠵᠢᠯ ᠳᠤ ᠪᠢ ᠪᠠᠢᠬᠤ︾ ᠶᠢ ᠰᠤᠷᠤᠯᠴᠠᠵᠤ᠂ 2023 ᠣᠨ ᠳᠤ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠣᠩᠭᠤᠳᠠᠭ ᠨᠣᠮ ᠤᠩᠱᠢᠬᠤ ᠤᠷᠤᠯᠳᠤᠭᠠᠨ ᠤ ᠲᠦᠮᠡᠳ ᠵᠡᠭᠦᠨ ᠬᠤᠱᠢᠭᠤᠨ ᠤ ᠬᠤᠪᠢᠶᠠᠷᠢ ᠤᠷᠤᠯᠳᠤᠭᠠᠨ ᠲᠦᠮᠡᠳ ᠵᠡᠭᠦᠨ ᠬᠤᠱᠢᠭᠤᠨ ᠤ ᠶᠢᠨ ᠱᠠᠨ ᠰᠤᠷᠭᠠᠭᠤᠯᠢ ᠳᠤ ᠶᠠᠪᠤᠭᠳᠠᠵᠤ᠂ ᠲᠦᠮᠡᠳ ᠵᠡᠭᠦᠨ ᠬᠤᠱᠢᠭᠤᠨ ᠤ 19 ᠳᠤᠮᠳᠠᠳᠤ ᠪᠠᠭ᠎ᠠ ᠰᠤᠷᠭᠠᠭᠤᠯᠢ ᠶᠢᠨ 92 ᠤᠷᠤᠯᠳᠤᠭᠤᠨ ᠳᠤ ᠣᠷᠣᠯᠴᠠᠭᠰᠠᠨ ᠲᠠᠮᠢᠷᠴᠢᠨ ᠪᠠ 33 ᠪᠦᠯᠬᠦᠮ ᠳᠤᠭᠤᠢᠯᠠᠩ ᠳᠡᠯᠭᠡᠨ ᠦᠵᠡᠭᠦᠯᠵᠦ ᠡᠬᠢᠯᠡᠪᠡ᠃ ᠣᠶᠢᠯᠠᠭᠠᠭᠰᠠᠨ ᠢᠶᠠᠷ᠂ ᠤᠷᠤᠯᠳᠤᠭᠠᠨ ᠳᠤ 6 ᠳᠤᠭᠤᠶᠢᠯᠠᠩ ᠬᠤᠪᠢᠶᠠᠵᠤ᠂ ᠲᠣᠰ ᠲᠣᠰ ᠪᠠᠭ᠎ᠠ ᠵᠢᠵᠢᠭ ᠳᠤᠭᠤᠶᠢᠯᠠᠩ ︵ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ︶᠂ ᠪᠠᠭ᠎ᠠ ᠰᠤᠷᠭᠠᠭᠤᠯᠢ ᠶᠢᠨ ᠳᠤᠭᠤᠶᠢᠯᠠᠩ ︵ᠪᠠᠭ᠎ᠠ ᠰᠤᠷᠭᠠᠭᠤᠯᠢ ᠶᠢᠨ ᠭᠤᠷᠪᠠᠳᠤᠭᠠᠷ᠂ ᠳᠥᠷᠪᠡᠳᠦᠭᠡᠷ ᠣᠨ︶᠂ ᠪᠠᠭ᠎ᠠ ᠰᠤᠷᠭᠠᠭᠤᠯᠢ ᠶᠢᠨ ᠲᠠᠪᠤᠳᠤᠭᠠᠷ᠂ ᠵᠢᠷᠭᠤᠳᠤᠭᠠᠷ ᠣᠨ︶᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠪᠦᠯᠬᠦᠮ ᠤᠨ ᠳᠤᠭᠤᠶᠢᠯᠠᠩ ᠪᠣᠯᠤᠨ᠎ᠠ᠃ ᠤᠩᠰᠢᠯᠭ᠎ᠠ ᠶᠢᠨ ᠪᠦᠲᠦᠭᠡᠯ ᠨᠢ ᠡᠯ᠎ᠡ ᠬᠡᠪᠯᠡᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠰᠢᠯᠢᠳᠡᠭ ᠰᠢᠯᠦᠭ ᠵᠣᠬᠢᠶᠠᠯ ᠤᠨ ᠭᠠᠷᠴᠠᠭ ᠠᠴᠠ ᠰᠤᠩᠭᠤᠵᠦ᠂ ᠡᠯ᠎ᠡ ᠲᠥᠷᠥᠯ ᠤᠨ ᠤᠳᠬ᠎ᠠ ᠵᠣᠬᠢᠶᠠᠯ ᠤᠨ ᠪᠦᠲᠦᠭᠡᠯ᠂ ᠰᠡᠳᠬᠦᠯ ᠠᠴᠠ ᠰᠣᠩᠭᠤᠵᠤ᠂ ᠰᠣᠩᠭᠤᠳᠠᠭ ᠪᠦᠲᠦᠭᠡᠯ ᠢ ᠤᠩᠰᠢᠬᠤ ᠪᠠᠷ ᠳᠠᠮᠵᠢᠭᠤᠯᠤᠨ᠂ ᠭᠤᠤᠯ ᠬᠥᠭ ᠠᠶᠠᠰ ᠢ ᠴᠤᠤᠷᠢᠶᠠᠲᠤᠭᠤᠯᠵᠤ᠂ ᠢᠳᠡᠪᠬᠢ ᠬᠦᠴᠦᠨ ᠢ ᠪᠠᠳᠠᠷᠠᠭᠤᠯᠤᠨ ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠤᠨ᠎ᠠ     ᠲᠣᠰ ᠤᠳᠠᠭᠠᠨ ᠤ ᠶᠡᠭᠡ ᠤᠷᠤᠯᠳᠤᠭᠠᠨ ᠨᠢ ᠰᠢᠭᠰᠢᠬᠦ ᠤᠷᠤᠯᠳᠤᠭᠠᠨ ᠤ ᠳᠦᠷᠢᠮ ᠢ ᠬᠡᠷᠡᠭᠯᠡᠵᠦ᠂ ᠳᠡᠰ ᠳᠡᠪᠰᠢᠭᠴᠢ ᠪᠦᠬᠦ ᠬᠤᠲᠠ ᠶᠢᠨ ᠰᠢᠢᠳᠪᠦᠷᠢᠲᠦ ᠤᠷᠤᠯᠳᠤᠭᠠᠨ ᠳᠤ ᠣᠷᠣᠯᠴᠠᠵᠤ᠂ ᠰᠢᠢᠳᠪᠦᠷᠢᠲᠦ ᠤᠷᠤᠯᠳᠤᠭᠠᠨ ᠳᠤ ᠰᠢᠯᠢᠳᠡᠭ ᠢ ᠨᠢ ᠰᠣᠩᠭᠤᠵᠤ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠬᠤ ᠪᠣᠯᠣᠨ᠎ᠠ
 
ᠢᠷᠡᠯᠲᠡ᠄ ᠲᠦᠮᠡᠳ ᠵᠡᠭᠦᠨ ᠬᠤᠰᠢᠭᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号