ᠲᠦᠮᠡᠳ ᠵᠡᠭᠦᠨ ᠬᠤᠰᠢᠭᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠳᠤ ᠬᠢᠨᠠᠯᠲᠠ ᠲᠠᠯᠪᠢᠬᠤ ᠠᠵᠢᠯ ᠵᠢᠴᠢ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/5/8
       5 ᠰᠠᠷ᠎ᠠ ᠶᠢᠨ 4 ᠤ ᠡᠳᠦᠷ᠂ ᠲᠦᠮᠡᠳ ᠵᠡᠭᠦᠨ ᠬᠤᠰᠢᠭᠤᠨ ᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠳᠤ ᠬᠢᠨᠠᠯᠲᠠ ᠲᠠᠯᠪᠢᠬᠤ ᠠᠵᠢᠯ ᠵᠢᠴᠢ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ  ᠶᠢ ᠪᠠᠶᠢᠷᠢᠯᠠᠭᠤᠯᠬᠤ ᠬᠤᠷᠠᠯ ᠬᠢᠪᠡ᠃        ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠢ ᠰᠤᠷᠤᠯᠴᠠᠨ ᠤᠬᠠᠭᠤᠯᠬᠤ ᠲᠤᠬᠠᠶ  ᠮᠡᠳᠡᠭᠳᠡᠯ ᠢ ᠤᠯᠠᠮᠵᠢᠯᠠᠬᠤ ᠶᠢᠨ ᠬᠠᠮᠲᠤ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ᠂ ᠬᠤᠷᠢᠭ᠎ᠠ ᠱᠤᠭᠤᠮ ᠤᠨ ᠰᠡᠳᠬᠢᠬᠦᠶ ᠪᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠯᠡᠵᠦ᠂ ᠦᠨᠡᠨ ᠬᠦ ᠪᠣᠯᠤᠮᠵᠢᠲᠠᠶ ᠰᠢᠶ᠋ᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃        ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠡᠯ᠎ᠡ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ 2022 ᠣᠨ ᠠᠴᠠ ᠨᠠᠰᠢᠬᠢ ᠭᠠᠶᠢᠯᠢ ᠶᠢ ᠬᠥᠩᠭᠡᠯᠡᠵᠦ ᠰᠦᠶ᠋ᠳᠬᠡᠯ ᠢ ᠪᠠᠭᠤᠷᠠᠭᠤᠯᠬᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠡᠳ᠋ ᠤᠨ ᠵᠠᠰᠠᠭ ᠤᠨ ᠣᠷᠣᠯᠭ᠎ᠠ ᠶᠢ ᠬᠤᠳᠠᠯ ᠢᠶᠠᠷ ᠬᠤᠷᠢᠶᠠᠵᠤ ᠬᠤᠭᠤᠰᠣᠨ ᠰᠢᠯᠵᠢᠭᠦᠯᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠶᠢᠰᠦᠨ ᠲᠥᠷᠥᠯ ᠤᠨ ᠠᠰᠠᠭᠤᠳᠠᠯ ᠢ ᠭᠤᠤᠯᠳᠠᠯᠭ᠎ᠠ ᠲᠠᠢ ᠰᠢᠶ᠋ᠳᠪᠦᠷᠢᠯᠡᠵᠦ᠂ ᠵᠠᠷᠯᠢᠭ ᠪᠠᠶᠢᠪᠠᠴᠤ ᠬᠡᠷᠡᠭᠵᠢᠭᠦᠯᠬᠦ ᠥᠬᠡᠶ᠂ ᠴᠠᠭᠠᠵᠠᠯᠠᠵᠤ ᠪᠠᠶᠢᠲᠠᠯ᠎ᠠ ᠵᠣᠭᠰᠣᠬᠤ ᠥᠬᠡᠶ ᠵᠡᠷᠭᠡ ᠲᠦᠷᠢᠮ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠨᠦᠭᠦᠳ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠡᠭᠦᠷᠭᠡ ᠪᠠᠨ ᠳᠣᠪᠤᠶᠢᠯᠭᠠᠨ᠂ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠪᠠ ᠭᠤᠤᠯᠳᠠᠯᠭ᠎ᠠ ᠲᠠᠢ ᠪᠠᠶᠢᠴᠠᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠨᠠᠷᠢᠯᠢᠬᠵᠢᠭᠤᠯᠤᠨ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠲᠤᠰᠬᠠᠶ ᠵᠦᠶ᠋ᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠬᠦ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠰᠢᠯᠢᠳᠡᠭ ᠬᠦᠴᠦᠨ ᠢ ᠲᠠᠲᠠᠵᠤ᠂ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ          ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠤᠰᠢᠭᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠡᠯ᠎ᠡ ᠵᠦᠶ᠋ᠯ ᠤᠨ ᠪᠢᠴᠢᠭ ᠮᠠᠲ᠋ᠧᠷᠢᠶᠠᠯ ᠪᠣᠯᠤᠨ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠬᠦ ᠬᠡᠷᠡᠭᠲᠡᠶ᠃ ᠳᠡᠭᠡᠳᠦ ᠱᠠᠲᠤᠨ ᠤ ᠡᠳ᠋ ᠤᠨ ᠵᠠᠰᠠᠭ ᠤᠨ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠰᠢᠯᠲᠠᠭᠠᠨ ᠢ ᠨᠢ ᠲᠣᠳᠣᠷᠬᠠᠶ ᠣᠶᠢᠯᠠᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠴᠢᠳᠠᠪᠤᠷᠢᠲᠠᠨ ᠢ ᠦᠨᠡᠯᠡᠬᠦ ᠲᠣᠭᠲᠠᠴᠠ ᠪᠠ ᠰᠢᠯᠭᠠᠨ ᠦᠨᠡᠯᠡᠬᠦ ᠠᠷᠭ᠎ᠠ ᠶᠢ ᠰᠦᠪᠡᠭᠴᠢᠯᠡᠨ ᠪᠠᠶᠢᠭᠤᠯᠵᠤ᠂ ᠴᠢᠳᠠᠪᠤᠷᠢᠲᠠᠨ ᠤ ᠬᠥᠮᠥᠷᠭᠡ ᠶᠢᠨ ᠬᠥᠳᠡᠯᠦᠩᠭᠦᠶ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠪᠥᠬᠦ ᠬᠤᠰᠢᠭᠤᠨ ᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠠᠵᠢᠯ ᠳᠤ ᠣᠶᠤᠨ ᠤ ᠲᠤᠯᠭᠠᠭᠤᠷᠢᠯᠠᠯ ᠬᠠᠩᠭᠠᠨ᠎ᠠ᠃         ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠵᠥᠩ ᠭᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠵᠢᠶᠠᠨ ᠵᠥᠩ ᠪᠣᠯᠤᠨ ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠥᠮᠡᠳ‌ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号