ᠲᠦᠮᠡᠳ ᠵᠡᠭᠦᠨ ᠬᠤᠰᠢᠭᠤᠨ ᠤ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢ ᠡᠬᠢᠯᠡᠭᠦᠯᠪᠡ
ᠨᠡᠶᠢᠲᠡᠯᠡᠭᠰᠡᠨ ᠴᠠᠭ᠄
2023/5/8
       4 ᠰᠠᠷ᠎ᠠ ᠶᠢᠨ 28 ᠤ ᠦᠳᠡ ᠶᠢᠨ ᠡᠮᠦᠨ᠎ᠡ᠂ 2023 ᠣᠨ ᠤ ᠲᠦᠮᠡᠳ ᠵᠡᠭᠦᠨ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠴᠠᠭᠠᠰᠤᠴᠢ ᠪᠠᠯᠭᠠᠰᠤᠨ ᠤ ᠤᠤᠯ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠶᠠᠪᠤᠭᠳᠠᠪᠠ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ 2022 ᠣᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠰᠦ ᠾᠦᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠠᠵᠢᠯᠲᠠᠳ ᠪᠠᠰᠠ ᠤᠯᠡᠠ ᠵᠦᠢᠯ ᠤᠨ ᠬᠡᠯᠪᠡᠷᠢ ᠪᠠᠷ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ ᠥᠷᠭᠡᠨ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ ᠢ ᠤᠬᠠᠭᠤᠯᠵᠤ᠂ ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠠᠵᠢᠯ ᠤᠨ ᠰᠢᠨ᠎ᠡ ᠠᠮᠵᠢᠯᠲᠠ᠂ ᠰᠢᠨ᠎ᠡ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃        ᠲᠣᠰ ᠤᠳᠠᠭᠠᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠨᠢ ᠪᠥᠬᠦ ᠬᠤᠰᠢᠭᠤᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠲᠦᠮᠡᠳ ᠵᠡᠭᠦᠨ ᠬᠤᠰᠢᠭᠤᠨ ᠤ ᠬᠢᠨ ᠲᠤᠰ ᠤᠳᠠᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠢ ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠪᠦᠬᠦ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠨᠡᠩ ᠥᠷᠭᠡᠴᠡ᠂ ᠨᠡᠩ ᠭᠦᠨ ᠳᠠᠪᠬᠤᠷᠭ᠎ᠠ ᠳᠤ ᠤᠬᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠢᠯᠡᠭᠦᠦ ᠬᠦᠷᠲᠡᠭᠡᠨ᠎ᠡ᠃        ᠬᠤᠰᠢᠭᠤᠨ ᠤ ᠤᠳᠤᠷᠢᠳᠤᠯᠭ᠎ᠠ ᠸᠠᠩ ᠱᠦ ᠶᠠ᠂ ᠶᠦᠨ ᠵᠢᠶ᠋ᠨᠨ ᠹᠧᠩ᠂ ᠸᠠᠩ ᠹᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ  ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号