︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ︾ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠤᠨ᠎ᠠ
ᠨᠡᠶᠢᠲᠡᠯᠡᠭᠰᠡᠨ ᠴᠠᠭ᠄
2023/5/8
       ᠣᠶᠢᠷ᠎ᠠ ᠶᠢᠨ ᠡᠳᠦᠷ ᠤᠳ ᠲᠤ᠂ ᠪᠦᠭᠦ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠢᠳᠡᠪᠬᠢᠲᠡᠢ ᠡᠷᠭᠢᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠨᠡᠨ ᠬᠦ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠬᠡᠪ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃        4 ᠰᠠᠷ᠎ᠠ ᠶᠢᠨ 24 ᠠᠴᠠ 28 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠵᠦ᠂ ᠲᠤᠰᠬᠠᠢ ᠮᠡᠷᠭᠡᠵᠢᠯᠲᠡᠨ ᠲᠠᠶᠢᠯᠤᠮᠵᠢ ᠬᠢᠬᠦ᠂ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠰᠥᠨᠢ ᠶᠢᠨ ᠰᠤᠷᠭᠠᠭᠤᠯᠢ ᠳᠤ ᠰᠤᠷᠤᠯᠴᠠᠬᠤ᠂ ᠬᠤᠪᠢ ᠬᠥᠮᠥᠨ ᠥᠪᠡᠰᠦᠪᠡᠨ ᠰᠤᠷᠤᠯᠴᠠᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠨᠠᠮ ᠤᠨ ᠡᠭᠦᠷ ᠢᠶᠠᠷ ᠢᠶᠠᠨ ᠶᠠᠷᠢᠯᠴᠠᠬᠤ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ᠂ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠪᠠ ᠰᠤᠷᠤᠯᠴᠠᠬᠤ ᠴᠠᠭ ᠢᠶᠠᠨ ᠵᠦᠢ ᠵᠣᠬᠢᠰᠲᠠᠢ ᠲᠣᠬᠢᠷᠠᠭᠤᠯᠵᠤ᠂ ᠰᠤᠷᠤᠯᠴᠠᠬᠤ ᠡᠭᠦᠷᠭᠡ ᠪᠠᠨ ᠬᠢᠨᠠᠮᠠᠭᠠᠢ ᠪᠡᠶᠡᠯᠡᠭᠦᠯᠬᠦ ᠶᠢ ᠪᠠᠲᠤᠯᠠᠬᠤ ᠭᠡᠷᠡᠭᠲᠡᠶ ; ᠡᠷᠬᠡᠪᠰᠢ ᠰᠤᠷᠤᠯᠴᠠᠬᠤ᠂ ᠪᠠᠶᠢᠴᠠᠭᠠᠬᠤ᠂ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠣᠭᠲᠠᠭᠰᠠᠨ ᠨᠣᠮ ᠢ ᠨᠢᠭᠡᠳ ᠨᠢᠭᠡ ᠪᠠᠷ ᠳᠠᠷᠠᠭᠠᠯᠠᠨ ᠤᠩᠰᠢᠵᠤ᠂ ᠨᠢᠭᠡ ᠨᠢᠭᠡ ᠪᠠᠳᠠᠭ ᠢᠶᠠᠷ ᠣᠶᠢᠯᠠᠭᠠᠵᠤ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ᠂ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠶᠢ ᠦᠨᠡᠨ ᠬᠦ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠭᠡᠷᠡᠭᠲᠡᠢ ; ᠡᠷᠬᠡᠪᠰᠢ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠵᠦ᠂ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ ᠶᠢ ᠪᠠᠷᠢᠮᠲᠠᠯᠠᠵᠤ᠂ ᠤᠯᠤᠰ ᠲᠥᠷᠥ ᠶᠢᠨ ᠣᠨᠣᠯ ᠤᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢᠨ ᠴᠢᠳᠠᠪᠤᠷᠢ᠂ ᠪᠦᠭᠦ ᠲᠠᠯ᠎ᠠ ᠶᠢ ᠡᠵᠡᠮᠳᠡᠬᠦ ᠴᠢᠳᠠᠪᠤᠷᠢ ᠂ ᠬᠤᠷᠸ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠶᠡᠷᠦᠩᠬᠡᠶᠢᠯᠡᠨ ᠵᠣᠬᠢᠴᠠᠭᠤᠯᠬᠤ ᠴᠢᠳᠠᠪᠤᠷᠢ ᠪᠣᠯᠣᠨ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ︽ᠬᠤᠶᠠᠷ ᠢ ᠲᠣᠭᠲᠠᠭᠠᠭᠰᠠᠨ︾  ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ 4 ᠰᠠᠷ᠎ᠠ ᠶᠢᠨ 24 ᠠᠴᠠ 28 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠵᠤ᠂ ᠬᠠᠪᠰᠤᠷᠤᠨ ᠵᠢᠯᠤᠭᠤᠳᠬᠤ ᠲᠠᠶᠢᠯᠤᠮᠵᠢ ᠬᠢᠬᠦ᠂ ᠵᠢᠭᠠᠬᠤ ᠮᠠᠲ᠋ᠧᠷᠢᠶᠠᠯ ᠢ ᠥᠪᠡᠷ ᠢᠶᠠᠨ ᠰᠤᠷᠬᠤ᠂ ᠸᠢᠳᠢᠤ᠋ ᠦᠵᠡᠬᠦ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠦᠢᠯᠡᠳᠦᠯᠭᠡ ᠶᠢᠨ ᠠᠵᠢᠯᠯᠠᠭ᠎ᠠ᠂ ᠤᠨᠤᠯ ᠤᠨ ᠰᠣᠷᠢᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯᠯᠠᠬᠤ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠰᠤᠷᠤᠯᠴᠠᠬᠤ ᠪᠠᠷ ᠡᠬᠢᠯᠡᠯᠲᠡ ᠪᠣᠯᠭᠠᠬᠤ ᠶᠢ ᠪᠠᠷᠢᠮᠲᠠᠯᠠᠨ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ︾ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠤᠨ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠢ ᠬᠢᠬᠦ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠪᠡ᠃           ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠨᠢᠭᠡᠨᠲᠡ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠵᠠᠯᠭᠠᠭ᠎ᠠ ᠪᠠᠷ ᠬᠤᠶᠠᠷ ᠬᠤᠭᠤᠴᠠᠭ᠎ᠠ ᠡᠷᠭᠢᠯᠡᠵᠦ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠸᠢᠳᠢᠤ᠋ ᠲᠠᠶᠢᠯᠤᠮᠵᠢ ᠬᠢᠬᠦ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠨᠠᠮ ᠤᠨ ᠭᠡᠰᠢᠭᠦᠨ ᠺᠠᠳ᠋ᠷᠴᠤᠳ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠠ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠡᠨᠡ ᠤᠳᠠᠭᠠᠨ ᠤ ᠨᠣᠮ ᠤᠩᠰᠢᠬᠤ ᠠᠩᠭᠢ ᠪᠠᠷ ᠲᠣᠭᠢᠶᠠᠯ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠤ ᠬᠦᠴᠦᠯᠡᠬᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠶᠢᠳᠠᠯ ᠢᠶᠠᠨ ᠪᠠᠲᠤᠳᠬᠠᠬᠤ᠂ ᠠᠷᠠᠳ ᠲᠦᠮᠡᠨ ᠤ ᠵᠣᠭᠰᠣᠯᠲᠠ ᠳᠡᠭᠡᠷ᠎ᠡ ᠪᠠᠲᠤ ᠵᠣᠭᠰᠣᠬᠤ ᠳᠡᠭᠡᠷ᠎ᠡ ᠬᠦᠴᠦ ᠲᠠᠯᠪᠢᠵᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠡᠳᠦᠪᠲᠦ ᠬᠥᠮᠦᠵᠢᠯ ᠤᠨ ᠦᠢᠯᠡᠳᠦᠯᠭᠡ ᠶᠢᠨ ᠦᠷ᠎ᠡ ᠪᠦᠲᠦᠮᠵᠢ ᠶᠢ ᠬᠡᠮᠵᠢᠬᠦ ᠦᠨᠳᠦᠰᠦᠨ ᠪᠠᠷᠢᠮᠵᠢᠶ᠎ᠠ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠦᠨᠡᠨ ᠬᠦ ᠬᠢᠨᠠᠨ ᠪᠤᠳᠤᠬᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠤᠨ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠦᠨ᠂ ᠰᠤᠷᠤᠯᠴᠠᠯᠭ᠎ᠠ ᠪᠠᠷ ᠬᠡᠪ ᠰᠤᠷᠲᠠᠯ ᠢᠶᠠᠨ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠵᠤ᠂ ᠨᠡᠩ ᠥᠨᠳᠥᠷ ᠤᠯᠤᠰ ᠲᠥᠷᠥ ᠶᠢᠨ ᠵᠣᠭᠰᠣᠴᠠ ᠂ ᠨᠠᠩ ᠴᠢᠩᠭ᠎ᠠ ᠠᠰᠠᠭᠤᠳᠠᠯ ᠤᠨ ᠤᠬᠠᠮᠰᠠᠷ᠂ ᠨᠠᠩ ᠬᠦᠴᠦᠲᠡᠢ ᠦᠢᠯᠡᠳᠦᠯᠭᠡ ᠶᠢᠨ ᠴᠢᠳᠠᠪᠤᠷᠢ ᠪᠠᠷ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号