ᠦᠰᠦᠭ ᠪᠢᠴᠢᠭ ᠢᠶᠠᠷ ᠥᠭᠦᠯᠡᠬᠦᠢ᠄ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠦᠯᠵᠢᠶᠡᠨ ᠠᠴᠠ ᠭᠠᠳᠠᠭᠤᠷ ︿ᠪᠥᠬᠦ ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵ | 156 ᠵᠦᠢᠯ︶﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ | ᠨᠡᠶᠢᠲᠡᠯᠡᠭᠰᠡᠨ ᠴᠠᠭ᠄ 2023/6/13 | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ᠪᠥᠬᠦ | ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵156 ᠵᠦᠢᠯ︶︾ ︵ᠥᠪᠥᠷ ᠵᠠᠰᠠᠭ | ᠠᠯᠪᠠᠨ ᠲᠠᠷᠬᠠᠭᠠᠭᠰᠠᠨ ﹇2023﹈ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ ᠨᠠᠷᠢᠨ | ᠬᠠᠭᠤᠳᠠᠰᠤ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠨᠡᠶᠢᠳᠡᠮ | ᠭᠦᠢᠴᠡᠳᠬᠡᠬᠦ ᠨᠠᠷᠢᠨ ᠬᠠᠭᠤᠳᠠᠰᠤ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ | ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ ᠨᠢᠭᠡ᠂ ᠨᠡᠶᠢᠲᠡᠯᠡᠭᠰᠡᠨ | ᠠᠬᠤᠢ ᠪᠠᠶᠢᠳᠠᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 | ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ | ᠦᠨᠳᠦᠰᠦᠯᠡᠵᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ | ᠪᠡᠶ᠎ᠡ ᠶᠢᠨ ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠲᠣᠭᠤᠷᠢᠨ ᠳᠤ᠂ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢ ᠲᠣᠭᠲᠠᠭᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ | ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂ | ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃ ᠬᠤᠶᠠᠷ᠂ ᠭᠤᠣᠯ ᠠᠭᠤᠯᠭ᠎ᠠ ︵ᠨᠢᠭᠡ︶ | ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠲᠥᠷᠥᠯ ᠬᠤᠪᠢᠶᠠᠨ | ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ ᠡᠷᠦᠬᠡ ᠠᠮᠠ | ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 ᠵᠦᠢᠯ ᠤᠨ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ ᠭᠦᠢᠴᠡᠳᠬᠡᠨ᠎ᠡ᠃ | ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ ᠬᠠᠪᠢ ᠳᠤ ᠪᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃ ︵ᠬᠤᠶᠠᠷ︶ ᠰᠦᠯᠵᠢᠶᠡᠨ ᠠᠴᠠ ᠭᠠᠳᠠᠭᠤᠷ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ᠃ ᠰᠢᠶᠠᠨ ᠤ | ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠴᠣᠩᠬᠤᠪᠴᠢ ᠲᠣᠬᠢᠷᠠᠭᠤᠯᠵᠤ᠂ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ ᠭᠠᠵᠠᠷ ᠲᠤ ᠣᠷᠣᠯᠠᠨ | ᠬᠤᠷᠢᠶᠠᠵᠤ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡᠴᠢᠯᠡᠭᠰᠡᠨ ᠮᠠᠶ᠋ᠢᠭ︾ ᠤᠨ | ᠦᠢᠯᠡᠴᠢᠯᠡᠭᠡ ᠶᠢ ᠬᠡᠷᠡᠭᠵᠢᠭᠦᠯᠦᠨ᠎ᠡ᠃ ︵ᠭᠤᠷᠪᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠵᠦᠢᠯᠡᠰ ᠢ ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ | ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ | ᠪᠠ ᠰᠢᠨᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠪᠥᠬᠦ | ᠴᠤᠪᠤᠷᠠᠯ ᠤᠨ ︽ᠵᠥᠷᠢᠶ᠎ᠡ ᠦᠭᠡᠢ︾ ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ ︵ᠳᠥᠷᠪᠡ︶ | ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠰᠢᠯᠵᠢᠭᠦᠯᠦᠨ ᠭᠦᠢᠴᠡᠳᠬᠡᠬᠦ | ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ ᠭᠠᠵᠠᠷ ᠤᠨ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠴᠣᠩᠬᠤᠪᠴᠢ ᠨᠢ ᠲᠣᠰ ᠲᠣᠰ 1 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ | ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ᠂ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1 | ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ | ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ︵ᠲᠠᠪᠤ︶ ᠰᠠᠯᠠᠭ᠎ᠠ ᠮᠥᠴᠢᠷ ᠤᠳ ᠤᠨ | ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠡᠶᠢᠳᠡᠮ | ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠪᠠ ᠣᠨᠳᠣᠣ ᠭᠠᠵᠠᠷ ᠤᠨ | ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ᠂ ᠨᠢᠭᠲᠠ ᠮᠥᠷᠲᠡᠭᠡᠨ ᠣᠨᠣᠴᠠᠲᠠᠢ ᠪᠠᠷ | ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ | ᠃ ︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢᠨ ᠰᠢᠯᠭᠠᠨ | ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ ᠪᠠᠶᠢᠴᠠᠭᠠᠯᠲᠠ ᠶᠢᠨ | ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠣᠨᠴᠠᠯᠢᠭ ᠪᠠ ᠭᠢᠯᠠᠰ ᠴᠡᠭ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠨᠢ ᠠᠵᠤ ᠠᠬᠤᠶᠢᠯᠠᠯ | ᠪᠣᠯᠣᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ | ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠳᠠᠪᠬᠤᠷᠭ᠎ᠠ ᠠᠴᠠ ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ | ᠪᠠᠷᠢᠮᠵᠢᠶ᠎ᠠ ᠶᠢ ᠨᠢᠭᠡᠳᠦᠭᠦᠯᠬᠦ᠂ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ | ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ | ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ | ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ︾ ︽ᠨᠠᠭᠠᠰᠢ ᠴᠠᠭᠠᠰᠢ ᠭᠦᠶᠦᠬᠦ︾ ᠠᠰᠠᠭᠤᠳᠠᠯ ᠢ | ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ | ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ | ᠥᠷᠲᠡᠭ ᠢ ᠠᠷᠪᠢᠯᠠᠪᠠ᠃ | |